︽ᠲᠠᠯ᠎ᠠ ᠨᠤᠳᠤᠭ ᠤᠨ ᠪᠤᠯᠵᠤᠭ᠎ᠠ︾ 2023 ᠣᠨ ᠤ ︽5 · 19 ᠳᠤᠮᠳᠠᠳᠤ ᠤᠯᠤᠰ ᠤᠨ ᠵᠤᠭᠠᠴᠠᠯ ᠤᠨ ᠡᠳᠦᠷᠯᠢᠭ︾ ᠵᠢᠴᠢ ᠳ᠋ᠦᠩᠱᠧᠩ ᠲᠣᠭᠤᠷᠢᠭ ᠤᠨ ᠳᠥᠷᠪᠡᠳᠦᠭᠡᠷ ᠬᠤᠭᠤᠴᠠᠭᠠᠨ ᠤ ᠪᠣᠯᠪᠠᠰᠤᠨ ᠵᠤᠭᠠᠴᠠᠯ  ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/5/19
      ᠵᠤᠭᠠᠴᠠᠯ ᠤᠨ ᠦᠢᠯᠡᠰ ᠤᠨ ᠰᠡᠷᠭᠦᠨ ᠬᠥᠭᠵᠢᠯᠲᠡ ᠶᠢ ᠴᠢᠨᠠᠭᠰᠢᠳᠠ ᠬᠥᠲᠥᠯᠥᠨ ᠵᠢᠯᠤᠭᠤᠳᠬᠤ ᠪᠠ ᠠᠬᠢᠭᠤᠯᠬᠤ ᠶᠢᠨ ᠲᠥᠯᠥᠭᠡ᠂ ᠤᠯᠠᠨ ᠨᠡᠶᠢᠲᠡ ᠶᠢᠨ ᠵᠤᠭᠠᠴᠠᠯ ᠢ ᠭᠦᠨᠵᠡᠭᠡᠢ ᠠᠬᠢᠭᠤᠯᠵᠤ᠂ ᠣᠶᠤᠨᠴᠢ ᠵᠤᠭᠠᠴᠠᠯ ᠢ ᠲᠦᠷᠭᠡᠨ ᠪᠣᠶᠢᠵᠢᠭᠤᠯᠵᠤ᠂ ᠪᠣᠬᠢᠷᠲᠤᠯ ᠦᠭᠡᠢ ᠵᠤᠭᠠᠴᠠᠯ ᠢ ᠰᠦᠪᠡᠭᠴᠢᠯᠡᠨ ᠬᠥᠭᠵᠢᠭᠦᠯᠵᠦ᠂ ᠪᠣᠯᠪᠠᠰᠤᠨ ᠵᠤᠭᠠᠴᠠᠯ ᠢ ᠢᠳᠡᠪᠬᠢᠲᠡᠢ ᠰᠠᠨᠠᠭᠠᠴᠢᠯᠠᠵᠤ᠂ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ  ᠠᠬᠢᠭᠤᠯᠵᠤ᠂ ᠣᠷᠳᠣᠰ ᠤᠨ ︽ᠰᠣᠶᠣᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ︾ ᠠᠯᠤᠰ ᠬᠡᠳᠦ ᠶᠢᠨ ᠬᠠᠷᠠᠯᠲᠠ ᠪᠠ ᠳ᠋ᠦᠩᠱᠧᠩ ᠲᠣᠭᠤᠷᠢᠭ ᠢ ︽ᠣᠷᠳᠣᠰ ᠤᠨ ᠬᠤᠲᠠ ᠶᠢᠨ ᠵᠣᠴᠢᠯᠠᠬᠤ ᠲᠢᠩᠬᠢᠮ︾ ᠪᠣᠯᠭᠠᠨ ᠪᠦᠲᠦᠭᠡᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠠᠷᠠᠳ ᠣᠯᠠᠨ ᠤ ᠪᠣᠯᠪᠠᠰᠤᠨ ᠵᠤᠭᠠᠴᠠᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠳᠣᠰ ᠬᠤᠲᠠ ᠶᠢᠨ ᠡᠷᠡᠭᠦᠯ ᠮᠡᠨᠳᠤ ᠪᠣᠯᠪᠠᠰᠤᠨ ᠵᠤᠭᠠᠴᠠᠯ ᠤᠨ ᠳᠦᠷᠢ ᠲᠥᠷᠬᠦ ᠶᠢ ᠪᠣᠶ ᠪᠣᠯᠭᠠᠵᠤ᠂ ᠤᠯᠤᠰ ᠤᠨ ᠰᠣᠶᠣᠯ ᠵᠤᠭᠠᠴᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ  ᠵᠤᠭᠠᠴᠠᠯ ᠤᠨ ᠲᠢᠩᠬᠢᠮ᠂ ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠠᠯ᠎ᠠ ᠨᠤᠲᠤᠭ ᠤᠨ ᠪᠤᠯᠵᠤᠭ᠎ᠠ 2023 ᠣᠨ ᠤ ︽5 · 19 ᠳᠤᠮᠳᠠᠳᠤ ᠤᠯᠤᠰ ᠤᠨ ᠵᠤᠭᠠᠴᠠᠯ ᠤᠨ ᠡᠳᠦᠷᠯᠢᠭ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠰᠢᠷᠢᠰ ᠠᠵᠢᠯᠯᠠᠭ᠎ᠠ ᠳ᠋ᠦᠩᠱᠧᠩ ᠲᠣᠭᠤᠷᠢᠭ ᠤᠨ ︽5 · 19 ᠳᠤᠮᠳᠠᠳᠤ ᠤᠯᠤᠰ ᠤᠨ ᠵᠤᠭᠠᠴᠠᠯ  ᠤᠨ  ᠡᠳᠦᠷᠯᠢᠭ︾ ᠵᠢᠴᠢ ᠳᠥᠷᠪᠡᠳᠦᠭᠡᠷ ᠬᠤᠭᠤᠴᠠᠭᠠᠨ ᠤ ᠪᠣᠯᠪᠠᠰᠤᠨ ᠵᠤᠭᠠᠴᠠᠯ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠶᠠᠪᠤᠭᠳᠠᠪᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠵᠤᠭᠠᠴᠠᠯ ᠤᠨ ᠵᠥᠪᠯᠡᠯᠭᠡ ᠥᠭᠬᠦ ᠦᠢᠯᠡᠴᠢᠯᠡᠭᠡᠨ ᠤ ᠴᠡᠭ ᠭᠠᠷᠭᠠᠭᠰᠡᠨ ᠤ ᠬᠠᠮᠲᠤ ᠪᠣᠯᠪᠠᠰᠤᠨ ᠵᠤᠭᠠᠴᠠᠯ ᠤᠨ ᠤᠬᠠᠭᠤᠯᠭ᠎ᠠ ᠥᠷᠨᠢᠭᠦᠯᠵᠦ᠂ ᠬᠤᠲᠠ ᠶᠢᠨ ᠠᠷᠠᠳ᠂ ᠵᠤᠭᠠᠴᠠᠭᠰᠠᠳ ᠲᠤ ᠵᠤᠭᠠᠴᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ︔︽ᠳᠤᠮᠳᠠᠳᠤ ᠤᠯᠤᠰ ᠤᠨ ᠠᠷᠠᠳ ᠢᠷᠭᠡᠳ ᠤᠨ ᠤᠯᠤᠰ ᠤᠨ ᠳᠣᠲᠣᠭᠠᠳᠤ ᠶᠢᠨ ᠵᠤᠭᠠᠴᠠᠯ ᠤᠨ ᠪᠣᠯᠪᠠᠰᠤᠨ ᠦᠶᠯᠡ ᠠᠵᠢᠯᠯᠠᠭ᠎ᠠ ᠶᠢᠨ ᠨᠡᠶᠢᠲᠡ ᠶᠢᠨ ᠭᠡᠷ᠎ᠡ︾᠂ ︽ᠳᠤᠮᠳᠠᠳᠤ ᠤᠯᠤᠰ ᠤᠨ ᠠᠷᠠᠳ ᠢᠷᠭᠡᠳ ᠤᠨ ᠬᠢᠯᠢ ᠶᠢᠨ ᠭᠠᠳᠠᠨᠠᠬᠢ ᠵᠤᠭᠠᠴᠠᠯ ᠤᠨ ᠪᠣᠯᠪᠠᠰᠤᠨ ᠦᠶᠯᠡ ᠠᠵᠢᠯᠯᠠᠭ᠎ᠠ ᠶᠢᠨ ᠵᠦᠭᠯᠡᠭᠦᠷ︾᠂ ︽  ᠵᠤᠭᠠᠴᠠᠭᠰᠠᠳ ᠤᠨ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠲᠠᠮᠳᠡᠭᠯᠡᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢᠨ ᠤᠬᠠᠭᠤᠯᠭ᠎ᠠ ᠶᠢ ᠴᠢᠩᠭᠠᠳᠬᠠᠵᠤ᠂ ︽︿ᠦᠨᠡᠮᠯᠡᠯ ᠦᠬᠡᠢ ᠲᠡᠷᠭᠡ﹀᠂ ︿  ᠦᠨᠡᠮᠯᠡᠯ ᠦᠬᠡᠢ ᠵᠤᠭᠠᠴᠠᠯ ᠤᠨ ᠬᠥᠲᠥᠴᠢ﹀ ᠳᠤ ᠴᠣᠬᠢᠯᠲᠠ ᠥᠭᠬᠦ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠠᠷᠠᠳ ᠪᠠ ᠵᠤᠭᠠᠴᠠᠭᠰᠡᠳ ᠲᠤ ᠪᠤᠯᠪᠠᠰᠤᠨ ᠵᠤᠭᠠᠴᠠᠯ ᠤᠨ ᠯᠠᠪᠯᠠᠭ᠎ᠠ ᠶᠢᠨ ᠦᠢᠯᠡᠴᠢᠯᠡᠭᠡ ᠶᠢ ᠬᠠᠩᠭᠠᠪᠠ᠃
 
ᠢᠷᠡᠯᠲᠡ᠄ ᠲᠤᠰ ᠰᠦᠯᠵᠢᠶ᠎ᠠ