ᠥᠪᠥᠷ ᠮᠣᠩᠭᠤᠯ ᠤᠨ ᠠᠩᠬᠠᠳᠠᠭᠴᠢ ᠠᠷᠠᠳ ᠤᠨ ᠮᠦᠽᠧᠢ ᠶᠢᠨ ᠰᠦᠷᠦᠭᠵᠢᠯ ᠳ᠋ᠦᠩᠱᠧᠩ ᠲᠣᠭᠤᠷᠢᠭ ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/5/22
       ᠴᠤᠭᠯᠠᠭᠤᠯᠬᠤ᠂ ᠬᠠᠳᠠᠭᠠᠯᠠᠬᠤ᠂ ᠰᠤᠳᠤᠯᠬᠤ᠂ ᠳᠡᠯᠭᠡᠨ ᠦᠵᠡᠭᠦᠯᠬᠦ᠂ ᠤᠯᠠᠮᠵᠢᠯᠠᠬᠤ ᠶᠢ ᠨᠢᠭᠡ ᠴᠣᠭᠴᠠᠵᠢᠭᠤᠯᠤᠭᠰᠠᠨ ᠥᠪᠥᠷ ᠮᠣᠩᠭᠤᠯ ᠤᠨ ᠠᠩᠬᠠᠳᠠᠭᠴᠢ ᠠᠷᠠᠳ ᠤᠨ ᠮᠦᠽᠧᠢ ᠶᠢᠨ ᠰᠦᠷᠦᠭᠵᠢᠯ 5 ᠰᠠᠷ᠎ᠠ ᠶᠢᠨ 20 ᠤ ᠡᠳᠤᠷ ᠳ᠋ᠦᠩᠱᠧᠩ ᠲᠣᠭᠤᠷᠢᠭ ᠲᠤ ᠪᠠᠶᠢᠭᠤᠯᠤᠭᠳᠠᠪᠠ᠃      ᠡᠨᠡᠬᠦ ᠶᠢᠩ ᠵᠢᠶᠧ ᠮᠦᠽᠧᠢ ᠶᠢᠨ ᠪᠦᠯᠦᠭᠯᠡᠯ ᠨᠢ ᠳ᠋ᠦᠩᠱᠧᠩ ᠲᠣᠭᠤᠷᠢᠭ ᠤᠨ ᠳᠠᠮᠤᠷ ᠵᠠᠮ ᠤᠨ ᠪᠠᠷᠠᠭᠤᠨᠳᠡᠬᠢ ᠸᠠᠨ ᠵᠢᠶᠠ ᠬᠤᠢ ᠪᠠᠶᠠᠰᠤᠯᠳᠤ ᠬᠤᠷᠸ᠎ᠠ ᠶᠢᠨ 4 ᠳ᠋ᠤᠬᠡᠷ ᠳᠠᠪᠬᠤᠷᠯᠢᠭ ᠤᠨ ᠵᠡᠭᠦᠨ ᠲᠠᠯ᠎ᠠ ᠳᠤ ᠪᠤᠢ᠃ ᠦᠵᠡᠭᠦᠯᠦᠯᠭᠡ ᠶᠢᠨ ᠲᠠᠯᠠᠪᠠᠶ ᠨᠢ 12000 ᠲᠡᠭᠰᠢ ᠳᠥᠷᠪᠡᠯᠵᠢᠨ ᠮᠧᠲᠷ ᠲᠤ ᠬᠦᠷᠴᠦ᠂ ᠣᠳᠣᠬᠠᠨ ᠳᠤ ᠮᠦᠽᠧᠢ ᠳᠤ ᠬᠠᠳᠠᠭᠠᠯᠠᠵᠤ ᠪᠠᠶᠢᠭ᠎ᠠ ᠳᠡᠯᠭᠡᠨ ᠦᠵᠡᠭᠦᠯᠬᠦ ᠪᠣᠳᠠᠰ 3 ᠲᠦᠮᠡ ᠭᠠᠷᠤᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠠᠯ᠎ᠠ ᠨᠤᠲᠤᠭ ᠤᠨ ᠬᠥᠩᠭᠡᠨ ᠠᠵᠤ ᠦᠢᠯᠡᠳᠪᠦᠷᠢ ᠶᠢᠨ ᠮᠦᠽᠧᠢ᠂ ᠬᠤᠪᠢᠰᠬᠠᠯᠳᠤ ᠰᠣᠶᠣᠯ ᠤᠨ ᠮᠦᠽᠧᠢ᠂ ᠤᠷᠠᠨ ᠪᠢᠴᠢᠯᠭᠡ ᠤᠷᠠᠨ ᠵᠢᠷᠤᠭ  ᠤᠳᠬ᠎ᠠ ᠤᠷᠠᠯᠢᠭ ᠤᠨ ᠮᠦᠽᠧᠢ᠂ ᠦᠵᠡᠮᠦᠷᠢ ᠶᠢᠨ ᠴᠢᠯᠠᠭᠤᠨ ᠤ ᠮᠦᠽᠧᠢ᠂ ᠭᠡᠷ ᠤᠨ ᠡᠳ᠋ᠯᠡᠯ ᠤᠨ ᠮᠦᠽᠧᠢ᠂ ᠬᠠᠩᠭᠠᠨ ᠪᠣᠷᠣᠯᠠᠭᠤᠯᠬᠤ  ᠬᠤᠷᠰᠢᠶ᠎ᠠ ᠶᠢᠨ ᠮᠦᠽᠧᠢ᠂ ᠲᠧᠯᠸᠢᠰ ᠤᠨ ᠲᠤᠰᠬᠠᠢ ᠰᠡᠳᠦᠪᠲᠦ ᠮᠦᠽᠧᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠦᠯᠭᠡ  ᠶᠢᠨ ᠮᠦᠽᠧᠢ᠂ ᠷᠠᠳᠢᠤ᠋ ᠶᠢᠨ ᠭᠤᠣᠯ ᠰᠡᠳᠦᠪᠲᠦ ᠮᠦᠽᠧᠢ ᠵᠡᠷᠭᠡ 9 ᠮᠦᠽᠧᠢ ᠵᠢᠴᠢ ᠴᠠᠭ ᠤᠨ ᠰᠣᠶᠣᠯ ᠤᠨ ᠦᠵᠡᠭᠦᠯᠦᠯᠭᠡ ᠶᠢᠨ ᠲᠣᠭᠤᠷᠢᠭ᠂ ᠡᠯᠭᠦᠮᠡᠯ ᠴᠠᠭ ᠤᠯᠠᠷᠢᠯ ᠤᠨ ᠪᠢᠴᠢᠭ ᠤᠨ ᠰᠣᠶᠣᠯ ᠤᠨ ᠦᠵᠡᠭᠦᠯᠦᠯᠭᠡ ᠶᠢᠨ ᠲᠣᠭᠤᠷᠢᠭ᠂ ᠤᠷᠤᠭ ᠬᠤᠷᠢᠮ ᠤᠨ ᠰᠣᠶᠣᠯ ᠤᠨ ᠦᠵᠡᠭᠦᠯᠦᠯᠭᠡ ᠶᠢᠨ ᠲᠣᠭᠤᠷᠢᠭ᠂ ᠤᠯᠤᠰ ᠤᠨ ᠪᠠᠲᠤᠯᠠᠨ ᠬᠠᠮᠠᠭᠠᠯᠠᠯᠲᠠ ᠵᠠᠰᠠᠭ ᠤᠨ ᠶᠠᠪᠤᠳᠠᠯ ᠤᠨ ᠰᠣᠶᠣᠯ ᠤᠨ ᠦᠵᠡᠭᠦᠯᠦᠯᠭᠡ ᠶᠢᠨ ᠲᠣᠭᠤᠷᠢᠭ ᠵᠡᠷᠭᠡ 4 ᠲᠤᠰᠠᠭᠠᠷ ᠰᠣᠶᠣᠯ ᠤᠨ ᠦᠵᠡᠭᠦᠯᠦᠯᠭᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠢ ᠮᠦᠽᠧᠢ ᠶᠢᠨ ᠰᠦᠷᠦᠭᠵᠢᠯ ᠪᠤᠯᠤᠨ᠎ᠠ᠃ ᠮᠦᠽᠸᠢ ᠶᠢᠨ ᠰᠦᠷᠦᠭᠵᠢᠯ ᠨᠢ ᠰᠣᠶᠣᠯ ᠰᠡᠯᠡᠭᠦᠴᠡᠯ᠂ ᠵᠤᠭᠠᠴᠠᠵᠤ ᠲᠣᠭᠤᠷᠢᠨ ᠦᠵᠡᠬᠦ᠂ ᠰᠤᠳᠤᠯᠤᠨ ᠰᠤᠷᠤᠯᠴᠠᠬᠤ ᠰᠤᠷᠭᠠᠨ ᠬᠦᠮᠦᠵᠢᠬᠦᠯᠬᠦ᠂ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠮᠦᠽᠧᠢ ᠶᠢᠨ ᠶᠡᠷᠦᠩᠬᠡᠶᠢᠯᠡᠭᠰᠡᠨ ᠴᠣᠭᠴᠠ ᠪᠠᠶᠢᠵᠤ᠂ ᠪᠠᠶᠢᠭᠤᠯᠤᠭᠳᠠᠭᠰᠠᠨ ᠤ ᠳᠠᠷᠠᠭ᠎ᠠ ᠣᠷᠳᠣᠰ ᠴᠢᠨᠠᠭᠰᠢᠯᠠᠪᠠᠯ ᠬᠠᠲᠤᠨ ᠭᠤᠣᠯ ᠠᠴᠠ ᠤᠮᠠᠷᠠᠰᠢᠬᠢ ᠭᠠᠵᠠᠷ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠬᠠᠳᠠᠭᠠᠯᠠᠮᠵᠢ ᠪᠠᠷ ᠬᠠᠮᠤᠭ ᠤᠨ ᠪᠠᠶᠠᠯᠢᠭ᠂ ᠲᠦᠷᠦᠯ ᠵᠦᠢᠯ ᠢᠶᠠᠷ ᠬᠠᠮᠤᠭ ᠤᠨ ᠪᠦᠷᠢᠨ ᠠᠷᠠᠳ ᠤᠨ ᠮᠦᠽᠧᠢ ᠶᠢᠨ ᠰᠦᠷᠦᠭᠵᠢᠯ ᠪᠣᠯᠣᠨ᠎ᠠ᠃      ᠡᠷᠲᠡᠨ ᠡᠳᠦᠭᠡ ᠶᠢ ᠬᠤᠯᠪᠤᠭᠰᠠᠨ ᠤᠯᠠᠮᠵᠢᠯᠠᠯᠲᠤ ᠰᠣᠶᠣᠯ ᠢ ᠣᠶᠢᠯᠠᠭᠠᠵᠤ᠂ ᠰᠠᠶᠢᠨ ᠰᠠᠶᠢᠬᠠᠨ ᠠᠮᠢᠳᠤᠷᠠᠯ ᠢ ᠮᠡᠳᠡᠷᠡᠬᠦᠯᠦᠭᠰᠡᠨ ᠡᠯ᠎ᠡ ᠵᠦᠢᠯ ᠤᠨ ᠬᠠᠳᠠᠭᠠᠯᠠᠮᠵᠢ ᠶᠢᠨ ᠡᠳ᠋ ᠪᠤᠳᠠᠰ ᠣᠯᠠᠨ ᠲᠦᠮᠡᠨ ᠤ ᠠᠩᠬᠠᠷᠤᠯ ᠢ ᠶᠡᠬᠡᠳᠡ ᠳᠠᠳᠠᠪᠠ᠃      ︽ᠪᠢ ᠥᠨᠥᠳᠥᠷ ᠡᠵᠢ ᠪᠠᠨ ᠲᠠᠭᠠᠵᠦ ᠲᠣᠭᠤᠷᠢᠨ ᠦᠵᠡᠬᠦ ᠪᠠᠷ ᠢᠷᠡᠵᠠᠢ᠂ ᠮᠦᠽᠧᠢ ᠳᠤ ᠮᠠᠰᠢ ᠤᠯᠠᠨ ᠳᠡᠯᠭᠡᠨ ᠦᠵᠡᠬᠦᠯᠦᠯᠬᠡ ᠶᠢᠨ ᠲᠢᠩᠬᠢᠮ ᠲᠠᠢ᠂ ᠳᠣᠲᠣᠷ᠎ᠠ ᠨᠢ ᠳᠡᠯᠭᠡᠨ ᠦᠵᠡᠭᠦᠯᠵᠦ ᠪᠠᠶᠢᠭ᠎ᠠ ᠡᠳ᠋ ᠪᠣᠳᠠᠰ ᠨᠠᠮ᠎ᠠ ᠶᠢ ᠭᠠᠶᠢᠬᠠᠰᠢ ᠠᠯᠳᠠᠭᠤᠯᠪᠠ᠂ ᠥᠩᠭᠡᠷᠡᠭᠰᠡᠨ ᠳᠤ ᠮᠠᠰᠢ ᠤᠯᠠᠨ ᠶᠠᠭᠤᠮ᠎ᠠ ᠶᠢ ᠪᠦᠷ ᠨᠣᠮ ᠪᠢᠴᠢᠭ ᠳᠡᠭᠡᠷ᠎ᠡ ᠠᠴᠠ ᠦᠵᠡᠵᠤ ᠪᠠᠶᠢᠵᠠᠢ᠃ ᠡᠨᠡ ᠤᠳᠠᠭ᠎ᠠ ᠪᠤᠳᠠᠳᠤ ᠵᠦᠢᠯᠡᠰ ᠢ ᠮᠠᠰᠢ ᠦᠢᠷ᠎ᠠ ᠵᠠᠢ ᠠᠴᠠ ᠦᠵᠡᠭᠡᠳ ᠮᠠᠰᠢ ᠶᠡᠭᠡ ᠰᠡᠳᠬᠢᠯ ᠬᠥᠳᠡᠯᠵᠡᠢ᠃︾                                            —  ᠰᠤᠷᠤᠭᠴᠢ ᠭᠤᠤ ᠽᠢ ᠰᠢᠤᠸᠠᠨ      ︽ᠡᠨᠡ ᠤᠳᠠᠭ᠎ᠠ ᠪᠢ ᠲᠤᠰᠬᠠᠶᠢᠯᠠᠨ ᠪᠤᠭᠤᠲᠤ ᠠᠴᠠ ᠢᠷᠡᠵᠦ ᠲᠣᠭᠤᠷᠢᠨ ᠦᠵᠡᠵᠤ ᠪᠠᠶᠢᠨ᠎ᠠ᠂ ᠡᠨᠡ ᠮᠦᠽᠧᠢ ᠶᠢᠨ ᠦᠵᠡᠭᠦᠯᠦᠯᠭᠡ ᠶᠢᠨ ᠡᠳ᠋ ᠪᠣᠳᠠᠰ ᠤᠨ ᠲᠦᠷᠦᠯ ᠵᠦᠢᠯ ᠪᠦᠷᠢᠨ᠂ ᠮᠢᠨᠤ ᠳᠤᠭᠤᠷᠢᠨ ᠦᠵᠡᠭᠰᠡᠨ ᠮᠦᠽᠸᠢ ᠶᠢᠨ ᠳᠤᠳᠤᠷ᠎ᠠ ᠬᠡᠪᠴᠢᠶ᠎ᠡ ᠪᠠᠷ ᠨᠡᠯᠢᠶᠡᠳ ᠶᠡᠭᠡ ᠮᠦᠽᠧᠢ ᠪᠣᠯᠣᠨ᠎ᠠ᠂ ᠦᠵᠡᠭᠦᠯᠦᠯᠭᠡ ᠶᠢᠨ ᠵᠦᠢᠯ ᠨᠢᠭᠡᠪᠦᠷᠢ  ᠨᠢ ᠴᠥᠮ ᠨᠢᠭᠡᠨ ᠴᠠᠭ ᠦᠶ᠎ᠡ ᠶᠢᠨ ᠳᠤᠷᠠᠳᠬᠠᠯ ᠪᠣᠯᠣᠨ᠎ᠠ᠂ ᠣᠨᠴᠠᠭᠠᠢ ᠰᠤᠷᠤᠯᠴᠠᠯᠭ᠎ᠠ ᠬᠥᠮᠦᠵᠢᠯ ᠤᠨ ᠠᠴᠢ ᠬᠤᠯᠪᠣᠭᠳᠠᠯ ᠲᠠᠢ ᠶᠤᠮ᠂ ᠬᠤᠶᠢᠰᠢᠳᠠ ᠪᠢ ᠪᠠᠰᠠ ᠲᠦᠷᠦᠯ ᠰᠠᠳᠤᠨ ᠨᠠᠶᠢᠵᠠ ᠨᠥᠬᠦᠳ ᠢᠶᠠᠨ ᠳᠠᠭᠠᠭᠤᠯᠤᠨ ᠳᠤᠭᠤᠷᠢᠨ ᠦᠵᠡᠵᠤ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠰᠣᠨᠢᠷᠬᠠᠭᠤᠯᠵᠤ᠂ ᠣᠶᠢᠯᠠᠭᠠᠭᠤᠯᠵᠤ᠂ ᠮᠡᠳᠡᠷᠡᠭᠦᠯᠦᠨ᠎ᠡ᠃︾                                     —  ᠳᠤᠭᠤᠷᠢᠨ ᠦᠵᠡᠭᠴᠢ ᠴᠧᠨ ᠸᠧᠨ ᠰᠢᠤᠸᠠᠢ      ᠬᠤᠶᠢᠰᠢᠳᠠ ᠶᠢᠩ ᠵᠢᠶᠧ ᠮᠦᠽᠧᠢ ᠶᠢᠨ ᠰᠦᠷᠦᠭᠵᠢᠯ ᠨᠢ ᠳᠡᠯᠭᠡᠨ ᠦᠵᠡᠭᠦᠯᠬᠦ ᠠᠭᠤᠯᠭ᠎ᠠ ᠪᠠᠨ ᠲᠠᠰᠤᠷᠠᠯᠲᠠ ᠦᠭᠡᠢ ᠥᠷᠭᠡᠳᠬᠡᠨ  ᠳᠡᠬᠦᠯᠳᠡᠷᠵᠢᠬᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠲᠣᠳᠣᠷᠬᠠᠶᠢᠯᠠᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠳᠠᠮᠵᠢᠭᠤᠯᠤᠨ ᠲᠡᠦᠬᠡ ᠶᠢ ᠳᠠᠭᠤᠷᠢᠰᠤᠭᠤᠯᠤᠨ᠎ᠠ︔ ᠮᠦᠽᠸᠢ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠦᠵᠡᠰᠬᠦᠯᠡᠩ ᠤᠨ ᠠᠭᠤᠯᠭ᠎ᠠ ᠪᠠᠨ ᠪᠠᠶᠠᠯᠢᠭᠵᠢᠭᠤᠯᠵᠤ᠂ ᠤᠯᠠᠨ ᠲᠦᠮᠡᠨ ᠳᠤ ᠡᠯ᠎ᠡ ᠭᠠᠵᠠᠷ ᠤᠨ ᠣᠨᠴᠠᠯᠢᠭ ᠲᠠᠢ ᠦᠵᠡᠰᠬᠦᠯᠡᠩ ᠤᠨ ᠵᠦᠢᠯᠡᠰ ᠢ ᠨᠡᠩ ᠤᠯᠠᠨ ᠦᠵᠡᠬᠦᠯᠦᠨ᠂ ᠮᠦᠽᠧᠢ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠴᠢᠳᠠᠮᠵᠢ ᠶᠢ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠪᠠᠷ ᠳᠡᠮᠵᠢᠨ᠂ ᠬᠤᠪᠢᠰᠬᠠᠯ ᠤᠨ ᠰᠣᠶᠣᠯ ᠤᠨ ᠬᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠤᠨ᠎ᠠ᠃      ︽ᠬᠤᠶᠢᠰᠢᠳᠠ ᠶᠢᠨ ᠬᠥᠭᠵᠢᠯᠲᠡ ᠶᠢᠨ ᠶᠠᠪᠤᠴᠠ ᠳᠤ᠂ ᠮᠦᠽᠧᠢ ᠶᠢᠨ ᠬᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠷᠠᠳ ᠤᠨ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠯᠢᠯᠴᠠᠭ᠎ᠠ ᠦᠵᠡᠰᠬᠦᠯᠡᠩ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠲᠡᠦᠬᠡ ᠶᠢᠨ ᠳᠤᠷᠠᠰᠬᠠᠯᠲᠤ ᠵᠦᠢᠯᠡᠰ ᠲᠤ ᠪᠠᠭ᠋ᠠᠲᠠᠢ ᠬᠥᠮᠥᠰ᠂ ᠬᠤᠷᠢᠶᠠᠨ ᠬᠠᠳᠠᠭᠠᠯᠠᠭᠴᠢᠳ ᠲᠤ ᠰᠣᠯᠢᠯᠴᠠᠭᠠᠨ ᠤ ᠲᠠᠪᠴᠠᠩ ᠬᠠᠩᠭᠠᠵᠤ᠂ ᠠᠷᠠᠳ ᠤᠯᠠᠨ ᠤ ᠠᠷᠠᠳ ᠤᠨ ᠵᠠᠩ ᠦᠢᠯᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠳᠤᠷ᠎ᠠ ᠰᠣᠨᠢᠷᠬᠠᠯ ᠪᠣᠯᠣᠨ ᠰᠢᠨᠵᠢᠨ  ᠰᠤᠨᠢᠷᠬᠠᠵᠤ᠂ ᠮᠡᠳᠡᠯᠭᠡ ᠶᠢ ᠲᠠᠰᠤᠷᠠᠯᠲᠠ ᠦᠭᠡᠢ ᠲᠦᠭᠡᠮᠡᠯᠵᠢᠭᠦᠯᠦᠨ ᠳᠡᠭᠡᠭᠰᠢᠯᠡᠭᠦᠯᠵᠦ᠂ ᠬᠠᠨ ᠪᠢᠨ ᠤ ᠰᠣᠶᠣᠯ ᠢ ᠬᠠᠮᠠᠭᠠᠯᠠᠨ ᠤᠯᠠᠮᠵᠢᠯᠠᠬᠤ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠪᠠᠨ ᠦᠵᠡᠭᠦᠯᠦᠨ᠎ᠡ᠃︾           —  ᠣᠷᠳᠣᠰ ᠬᠤᠳᠠ ᠶᠢᠨ ᠲᠠᠯ᠎ᠠ ᠨᠤᠲᠤᠭ ᠤᠨ ᠴᠢᠳᠠᠪᠤᠷᠢᠳᠠᠨ ᠰᠣᠶᠣᠯ ᠤᠨ ᠬᠢᠵᠠᠭᠠᠷᠲᠤ ᠺᠣᠮᠫᠠᠨᠢ ᠶᠢᠨ ᠲᠠᠯ᠎ᠠ ᠨᠤᠲᠤᠭ ᠤᠨ ᠰᠡᠬᠡᠭᠡᠲᠡᠨ ᠵᠠᠯᠠᠭᠤᠴᠤᠳ ᠤᠨ ᠮᠦᠽᠧᠢ ᠶᠢᠨ ᠳᠠᠷᠤᠭ᠎ᠠ ᠬᠤᠤ ᠶᠢᠩ ᠵᠢᠶᠧ
ᠢᠷᠡᠯᠲᠡ᠄ ᠳᠤᠰ ᠰᠦᠯᠵᠢᠶ᠎ᠡ