ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/8
      ᠲᠦᠷᠦᠬᠦᠬᠡᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶᠡᠨ ᠠᠵᠢᠯᠳᠠᠳ 2023 ᠣᠨ ᠤ ᠳ᠋ᠦᠩᠱᠧᠩ ᠲᠣᠭᠤᠷᠢᠭ ᠤᠨ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠣᠬᠠᠭᠤᠯᠭ᠎ᠠ  ᠶᠢᠨ ᠭᠠᠷᠠᠭ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠤᠬᠠᠭᠤᠯᠭ᠎ᠠ ᠶᠢᠨ ᠠᠵᠢᠯᠯᠠᠭ᠎ᠠ ᠬᠢᠪᠡ᠃
微信图片_20230509095209.jpg
    ᠤᠬᠠᠭᠤᠯᠭ᠎ᠠ ᠶᠢᠨ ᠠᠵᠢᠯᠯᠠᠭ᠎ᠠ ᠳᠤ ᠲᠣᠭᠤᠷᠢᠭ ᠤᠨ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶᠡᠨ  ᠤ ᠬᠢᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯᠲᠠᠳ ᠲᠠᠢ ᠬᠠᠮᠳᠣᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠣᠬᠠᠢ ᠱᠠᠩᠨᠠᠯᠲᠣ ᠠᠰᠠᠭᠤᠯᠲᠠ ᠶᠢᠨ ᠬᠠᠭᠤᠳᠠᠰᠣ᠂ ᠨᠠᠮ ᠤᠨ ᠬᠤᠷᠢᠳᠣᠭᠠᠷ ᠬᠤᠷᠠᠯ ᠤᠨ ᠵᠣᠷᠢᠭ ᠰᠠᠨᠠᠭ᠎ᠠ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠴᠢᠭᠯᠡᠯᠲᠡ᠂ ᠬᠠᠤᠯᠢ ᠴᠠᠭᠠᠵᠠ ᠬᠠᠤᠯᠢ ᠲᠣᠭᠳᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠨᠠᠮ ᠤᠨ ᠦᠨᠳᠦᠰᠦᠲᠡᠨ  ᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠳᠠᠭᠠᠯ ᠢ ᠦᠷᠭᠡᠨ ᠢᠶᠠᠷ ᠣᠬᠠᠭᠤᠯᠵᠣ᠂ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠣᠬᠠᠢ ᠶᠡᠷᠦ ᠶᠢᠨ ᠮᠡᠳᠡᠯᠭᠡ᠂ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠳᠡᠨ ᠢ ᠳᠠᠶᠢᠴᠢᠯᠠᠨ ᠴᠤ᠋ ᠰᠢᠨ᠎ᠡ ᠣᠶᠣᠨ ᠰᠠᠨᠠᠭᠠᠨ ᠤ ᠳᠦᠷᠢ ᠳᠦᠷᠬᠦ ᠶᠢ ᠪᠤᠢ ᠪᠤᠯᠭᠠᠨ᠂ ᠳᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠣᠬᠠᠮᠰᠠᠷ ᠢ ᠪᠠᠬᠢᠵᠢᠭᠦᠯᠵᠦ᠂ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠠᠢ ᠬᠤᠪᠢ ᠨᠡᠮᠡᠷᠢ ᠦᠵᠡᠭᠦᠯᠪᠡ᠃ ᠡᠭᠦᠨ ᠤ ᠳᠠᠭᠠᠤ ᠳᠤ ᠲᠣᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠤᠩᠭᠤᠯ ᠬᠡᠯᠡᠨ ᠤ ᠰᠦᠯᠵᠢᠶ᠎ᠡ ᠪᠤᠯᠤᠨ ᠸᠢᠴᠠᠲ ᠳᠠᠪᠴᠠᠩ ᠢᠶᠠᠨ ᠤᠯᠠᠨ ᠲᠦᠮᠡᠨ ᠳᠤ ᠲᠠᠨᠢᠯᠴᠠᠭᠤᠯᠣᠨ ᠳᠡᠯᠭᠡᠷᠡᠭᠦᠯᠪᠡ᠃
微信图片_20230509095137.jpg
     ᠲᠣᠰ ᠣᠳᠠᠭᠠᠨ ᠤ ᠣᠬᠠᠭᠤᠯᠭ᠎ᠠ ᠶᠢᠨ ᠠᠵᠢᠯᠯᠠᠭ᠎ᠠ ᠳᠤ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠠᠬᠢᠭᠤᠯᠬᠤ ᠳᠦᠷᠢᠮ︾᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠶᠢ ᠬᠡᠷᠡᠭᠵᠢᠭᠦᠯᠬᠦ ᠠᠷᠭ᠎ᠠ ᠵᠡᠷᠭᠡ ᠡᠯ᠎ᠡ ᠲᠦᠷᠦᠯ ᠤᠨ ᠣᠬᠠᠭᠤᠯᠬᠤ ᠮᠠᠲ᠋ᠧᠷᠢᠶᠠᠯ ᠢ 5000 ᠭᠠᠷᠣᠢ ᠳᠡᠪᠳᠡᠷ᠂ ᠣᠬᠠᠭᠤᠯᠬᠤ ᠬᠠᠭᠤᠳᠠᠰᠣ ᠶᠢ 3000 ᠭᠠᠷᠣᠢ ᠬᠤᠪᠢ ᠲᠠᠷᠬᠠᠭᠠᠵᠤ᠂ ᠦᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ ᠤᠯᠪᠠ᠃
微信图片_20230509095328.jpg
微信图片_20230509095347.jpg
 
ᠢᠷᠡᠯᠲᠡ᠄ ᠳᠤᠰ ᠰᠦᠯᠵᠢᠶ᠎ᠡ