ᠲᠤᠰᠬᠠᠢ ᠮᠡᠷᠭᠡᠵᠢᠯᠲᠡᠨ ᠤ ᠡᠮᠨᠡᠯᠭᠡ ᠬᠡᠷ ᠤᠨ ᠡᠬᠦᠳᠡᠨ ᠳᠤ ᠢᠷᠡᠯ᠎ᠠ
ᠨᠡᠶᠢᠲᠡᠯᠡᠭᠰᠡᠨ ᠴᠠᠭ᠄
2023/6/17
     6 ᠰᠠᠷ᠎ᠠ ᠶᠢᠨ 16 ᠤ ᠡᠳᠦᠷ᠂ ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠠᠷᠠᠳ ᠤᠨ ᠲᠥᠯᠥᠭᠡᠯᠡᠭᠴᠢᠳ ᠤᠨ ᠠᠵᠢᠯ ᠤᠨ ᠥᠷᠲᠡᠭᠡ ᠨᠢ ᠳ᠋ᠦᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠰᠢᠦᠢ ᠶᠦᠩ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠸᠠᠨ ᠱᠧᠩ ᠨᠡᠶᠢᠭᠡᠮ ᠲᠣᠭᠤᠷᠢᠭ ᠲᠤ ᠬᠦᠨᠵᠡᠬᠡᠶᠢᠷᠡᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠬᠤᠢ ᠲᠠᠯᠠᠪᠠᠢ ᠳᠤ᠂ ᠳ᠋ᠦᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠣᠨ ᠰᠢᠦᠢ ᠶᠦᠩ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ 20 ᠡᠮᠴᠢ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠮᠡᠳᠡᠷᠡᠯ ᠤᠨ ᠭᠠᠳᠠᠷ ᠰᠠᠯᠠᠭ᠎ᠠ ᠶᠢᠨ ᠡᠪᠡᠳᠴᠢᠨ᠂ ᠵᠢᠷᠦᠬᠡᠨ ᠤ ᠳᠣᠲᠣᠷ ᠰᠠᠯᠠᠭ᠎ᠠ᠂ ᠨᠢᠳᠦᠨ ᠤ ᠡᠪᠡᠳᠴᠢᠨ ᠵᠡᠷᠭᠡ ᠶᠢ ᠰᠦᠢᠳᠬᠡᠯ ᠬᠤᠷᠢᠶᠠᠬᠤ ᠦᠭᠡᠢ ᠪᠠᠷ  ᠪᠠᠶᠢᠴᠠᠭᠠᠯᠳᠠ ᠤᠨᠤᠰᠢᠯᠠᠯᠳᠠ ᠬᠢᠵᠤ ᠦᠭᠪᠠ᠃ ᠡᠭᠦᠨ ᠳᠤ᠂ ᠮᠡᠳᠡᠷᠡᠯ ᠤᠨ ᠭᠠᠳᠠᠷ ᠰᠠᠯᠠᠭᠠᠨ ᠤ ᠲᠤᠰᠬᠠᠢ ᠮᠡᠷᠭᠡᠵᠢᠯᠲᠡᠨ ᠴᠧᠩ ᠸᠧᠢ ᠪᠣᠯᠣᠨ ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠨ ᠵᠠᠩ ᠰᠢᠦᠢ ᠶᠦᠩ ᠤᠨ ᠡᠮᠴᠢᠯᠡᠭᠡ ᠨᠢ ᠰᠠᠭᠤᠭᠠᠯᠢ ᠠᠷᠠᠳ ᠤᠨ ᠠᠩᠬᠠᠷᠤᠯ ᠢ ᠶᠡᠬᠡᠳᠠ ᠲᠠᠲᠠᠵᠠᠢ᠃
2.3.jpg
     ︽  ᠪᠢ ᠦᠪᠡᠷ ᠤᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠰᠬᠠᠢ ᠮᠡᠷᠭᠡᠵᠢᠯᠲᠡᠨ ᠡᠮᠴᠢ ᠳᠤ ᠠᠪᠠᠴᠢᠵᠤ ᠦᠵᠡᠭᠦᠯᠵᠡᠢ᠂ ᠡᠮᠴᠢ ᠨᠠᠷ ᠤᠨ ᠡᠮᠴᠢᠯᠡᠬᠦ ᠣᠪᠣᠷ ᠰᠠᠶᠢᠨ᠂ ᠨᠠᠷᠢᠨ ᠬᠢᠨᠠᠮᠠᠭᠠᠢ᠂ ᠮᠢᠨᠤ ᠪᠡᠶ᠎ᠡ  ᠶᠢᠨ ᠪᠠᠶᠢᠴᠠᠭᠠᠯᠳᠠ ᠶᠢᠨ ᠮᠡᠳᠡᠬᠦᠯᠦᠯᠳᠠ ᠴᠦ ᠠᠰᠠᠭᠤᠳᠠᠯ ᠦᠬᠡᠢ ᠪᠠᠶᠢᠵᠤ᠂ ᠰᠠᠨᠠᠭ᠎ᠠ ᠠᠮᠦᠷᠴᠠᠢ︾᠃                  — ᠰᠠᠭᠤᠭᠠᠯᠢ ᠠᠷᠠᠳ ᠸᠠᠩ ᠪᠠᠨ ᠱᠤᠸᠠᠨ
2.4.jpg
    ︽ᠪᠢᠳᠡ ᠲᠤᠰᠬᠠᠢ ᠮᠡᠷᠭᠡᠵᠢᠯᠲᠡᠨ ᠡᠮᠴᠢ ᠶᠢ ᠠᠷᠠᠳ ᠤᠨ ᠭᠡᠷ ᠤᠨ ᠡᠭᠦᠳᠡᠨ ᠳᠤ  ᠤᠷᠢᠵᠤ ᠠᠪᠠᠴᠢᠷᠠᠨ ᠠᠯᠪᠠᠨ ᠵᠢᠷᠤᠮ ᠤᠨ ᠡᠮᠴᠢᠯᠡᠭᠡ ᠬᠢᠯᠭᠡᠵᠦ ᠴᠢᠳᠠᠭᠰᠡᠨ ᠨᠢ ᠮᠠᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠠᠷᠠᠳ ᠤᠨ ᠲᠥᠯᠥᠭᠡᠯᠡᠭᠴᠢᠳ ᠤᠨ ᠠᠵᠢᠯ ᠤᠨ ᠥᠷᠲᠡᠭᠡ ᠳᠤ ᠲᠦᠰᠢᠭᠯᠡᠭᠰᠡᠨ ᠶᠤᠮ᠂ ᠥᠨᠥᠳᠥᠷ ᠢᠷᠡᠵᠦ ᠡᠪᠡᠳᠴᠢᠨ ᠦᠵᠡᠵᠤ ᠪᠠᠶᠢᠭ᠎ᠠ ᠬᠤᠶᠠᠷ ᠲᠤᠰᠬᠠᠢ ᠮᠡᠷᠭᠡᠵᠢᠯᠲᠡᠨ ᠡᠮᠴᠢ ᠮᠦᠨ ᠴᠦ ᠮᠠᠨ ᠤ ᠠᠷᠠᠳ ᠤᠨ  ᠲᠥᠯᠥᠭᠡᠯᠡᠭᠴᠢ ᠮᠥᠨ᠂ ᠠᠵᠢᠯᠯᠠᠬᠤ ᠥᠷᠲᠡᠭᠡ ᠪᠠᠷ ᠲᠠᠮᠵᠢᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠲᠤᠰᠬᠠᠶᠢᠵᠢᠭᠰᠠᠨ ᠦᠢᠯᠡᠴᠢᠯᠡᠭᠡ ᠬᠠᠩᠭᠠᠵᠤ᠂ ᠠᠷᠠᠳ ᠤᠨ ᠲᠥᠯᠥᠭᠡᠯᠡᠭᠴᠢ ᠶᠢᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠦᠨᠡᠨ ᠬᠦ  ᠬᠠᠷᠠᠭᠤᠯᠬᠤ ᠶᠢ ᠬᠦᠰᠡᠵᠦ ᠪᠠᠶᠢᠨ᠎ᠠ︾᠃               — ᠪᠠᠶᠠᠨᠮᠦ᠋ᠩᠬᠡ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠭᠡᠰᠢᠭᠦᠨ ᠭᠤᠸ ᠭᠠᠩ     ᠣᠶᠢᠯᠠᠭᠠᠭᠰᠠᠨ ᠢᠶᠠᠷ᠂ ᠣᠯᠠᠨ ᠲᠦᠮᠡᠨ ᠳᠤ ᠨᠡᠩ ᠰᠠᠶᠢᠨ ᠤᠶᠢᠯᠡᠴᠢᠯᠡᠵᠤ᠂ ᠠᠷᠠᠳ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠬᠡ᠂ ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠸᠠᠨ ᠱᠧᠩ ᠨᠡᠶᠢᠭᠡᠮ ᠲᠣᠭᠤᠷᠢᠭ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠠᠷᠠᠳ ᠤᠨ ᠲᠥᠯᠥᠭᠡᠯᠡᠭᠴᠢ ᠶᠢᠨ ᠠᠵᠢᠯ ᠤᠨ ᠥᠷᠲᠡᠭᠡ ᠪᠠᠶᠢᠭᠤᠯᠵᠤ᠂ ᠠᠷᠠᠳ ᠤᠨ ᠲᠥᠯᠥᠭᠡᠯᠡᠭᠴᠢᠳ  ᠤᠨ ᠠᠵᠢᠯ ᠤᠨ ᠦᠷᠳᠡᠭᠡ ᠪᠠᠷ ᠲᠤᠷᠰᠢᠯᠲᠠ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠬᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠴᠡᠭ ᠤᠨ ᠠᠰᠠᠭᠤᠳᠠᠯ ᠪᠠ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠴᠢᠬᠤᠯᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠯᠠᠨ ᠲᠦᠮᠡᠨ ᠤ ︽ᠪᠠᠴᠢᠮ ᠬᠦᠴᠢᠷ ᠵᠤᠪᠠᠨᠢᠵᠤ︾ ᠪᠠᠶᠢᠭ᠎ᠠ ᠠᠰᠠᠭᠤᠳᠠᠯ ᠢ ᠪᠣᠳᠠᠲᠠᠢ ᠪᠠᠷ ᠰᠢᠢᠳᠪᠦᠷᠢᠯᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃
2.2.jpg
 
ᠢᠷᠡᠯᠲᠡ᠄ ᠲᠤᠰ ᠰᠦᠯᠵᠢᠶ᠎ᠠ