ᠠᠷᠪᠡᠳᠤᠭᠠᠷ ᠬᠤᠭᠤᠴᠠᠭᠠᠨ ᠤ ︽ᠬᠤᠰᠢᠭᠤᠴᠢ ᠨᠠᠷᠠᠮᠵᠢᠳᠤ︾ ᠰᠢᠯᠦᠭ ᠤᠨ ᠤᠷᠤᠯᠳᠤᠭᠠᠨ ᠳ᠋ᠦᠩᠱᠧᠩ ᠲᠤᠭᠤᠷᠢᠭ ᠲᠤ ᠶᠠᠪᠤᠭᠳᠠᠯ᠎ᠠ
ᠨᠡᠶᠢᠲᠡᠯᠡᠭᠰᠡᠨ ᠴᠠᠭ᠄
2023/6/30
       ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠡᠷ ᠢ ᠪᠠᠳᠤ ᠴᠤᠭᠴᠠᠯᠠᠬᠤ ᠡᠨᠡ ᠬᠦ ᠭᠤᠤᠯ ᠰᠢᠵᠢᠮ ᠤᠨ ᠲᠤᠭᠤᠷᠢᠨ ᠳᠤ᠂ ︽ᠵᠢᠱᠢᠶᠠᠴᠢ ᠦᠪᠡᠷᠳᠡᠬᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠬᠦᠴᠦᠨ ᠨᠡᠮᠡᠷᠢᠯᠡᠵᠤ᠂ ᠤᠯᠤᠰ ᠤᠨ ᠨᠠᠶᠢᠳᠠᠮ ᠬᠡᠷᠡᠭᠯᠡᠬᠦ ᠦᠬᠡ ᠬᠡᠯᠡ ᠦᠰᠦᠭ ᠪᠢᠴᠢᠭ  ᠢ ᠲᠡᠯᠬᠡᠷᠡᠬᠦᠯᠬᠦ ᠡᠷᠴᠢᠮ ᠢ ᠴᠢᠩᠭᠠᠷᠠᠭᠤᠯᠵᠤ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠤᠨ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ᠂ ᠠᠭᠤᠰᠤᠯᠴᠠᠯ ᠢ ᠠᠬᠢᠭᠤᠯᠬᠤ ᠶᠢᠨ ᠲᠦᠯᠦᠬᠡ ᠡᠷᠬᠢᠯᠡᠭᠰᠡᠨ᠂ ᠤᠷᠳᠤᠰ ᠬᠤᠳᠠ ᠶᠢᠨ ᠠᠷᠪᠡᠳᠤᠭᠠᠷ ᠬᠤᠭᠤᠴᠠᠭᠠᠨ ᠤ ︽ᠬᠤᠰᠢᠭᠤᠴᠢ ᠨᠠᠷᠠᠮᠵᠢᠳᠤ︾ ᠰᠢᠯᠦᠭ ᠤᠨ ᠤᠷᠤᠯᠳᠤᠭᠠᠨ ᠦᠨᠦᠳᠦᠷ ᠤᠨ ᠦᠳᠠ ᠶᠢᠨ ᠬᠤᠶᠢᠨ᠎ᠠ᠂ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠮᠤᠩᠭᠤᠯ ᠦᠨᠳᠦᠰᠦᠳᠡᠨ ᠤ ᠰᠤᠷᠭᠠᠭᠤᠯᠢ ᠳᠤ ᠠᠮᠵᠢᠯᠳᠠᠳᠠᠢ ᠰᠠᠶᠢᠬᠠᠨ ᠶᠠᠪᠤᠭᠳᠠᠯ᠎ᠠ᠃
3.1.jpg
       ᠲᠤᠰ ᠤᠳᠠᠭᠠᠨ ᠤ ᠤᠷᠤᠯᠳᠤᠭᠠᠨ ᠢ ᠤᠷᠳᠤᠰ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠵᠢᠴᠢ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠳ᠋ᠦᠩᠱᠧᠩ ᠲᠤᠭᠤᠷᠢᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠲᠠᠭᠠᠭᠠᠴᠢᠯᠠᠨ ᠡᠷᠬᠢᠯᠡᠵᠠᠢ᠃ ᠲᠤᠰ ᠤᠳᠠᠭᠠᠨ ᠤ ᠤᠷᠤᠯᠳᠤᠭᠠᠨ ᠳᠤ ᠤᠯᠤᠰ ᠤᠨ ᠨᠠᠶᠢᠳᠠᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠢᠯᠦᠭ ᠵᠤᠬᠢᠶᠠᠯ ᠪᠠ ᠮᠤᠩᠭᠤᠯ ᠬᠡᠯᠡᠨ ᠤ ᠢᠷᠠᠭᠤ ᠨᠠᠶᠢᠷᠠᠭ ᠢ ᠨᠡᠶᠢᠳᠠ ᠬᠤᠶᠠᠷ ᠵᠠᠭᠤ ᠢᠯᠡᠬᠦᠦ ᠬᠤᠪᠢ ᠬᠦᠯᠢᠶᠠᠨ ᠠᠪᠴᠦ᠂ ᠬᠢᠨᠠᠭᠴᠢᠳ  ᠤᠨ ᠨᠠᠷᠢᠨ ᠬᠢᠨᠠᠮᠠᠭᠠᠢ ᠰᠢᠭ᠍ᠰᠢᠯᠳᠠ ᠪᠠᠷ ᠲᠠᠮᠵᠢᠨ ᠲᠤᠰ ᠪᠦᠷᠢ ᠠᠷᠪᠡᠨ ᠪᠦᠳᠦᠬᠡᠯ ᠢ ᠰᠤᠩᠭᠤᠨ ᠦᠯᠡᠳᠡᠬᠡᠵᠤ ᠰᠢᠢᠳᠪᠤᠷᠢᠳᠤ ᠤᠷᠤᠯᠳᠤᠭᠠᠨ ᠳᠤ ᠤᠷᠤᠯᠴᠠᠭᠤᠯᠤᠭᠰᠡᠨ ᠪᠠᠶᠢᠨ᠎ᠠ᠃      ᠤᠷᠤᠯᠳᠤᠭᠠᠨ ᠤ ᠡᠴᠤᠰ ᠲᠤ᠂ ᠮᠤᠩᠭᠤᠯ ᠬᠡᠯᠡᠨ ᠤ ᠢᠷᠡᠭᠤ ᠨᠠᠶᠢᠷᠠᠭ ᠤᠨ ᠲᠤᠭᠤᠶᠢᠯᠠᠩ ᠠᠴᠠ ᠦᠤᠰᠢᠨ ᠨᠤᠳᠤᠭ ᠲᠠᠢ ᠲᠠᠭᠤᠳᠠᠭᠠᠴᠢ ᠰ᠊᠂ ᠬᠠᠰᠪᠠᠭᠠᠨ᠎ᠠ ︽ᠰᠤᠭᠤ ᠶᠢᠨ ᠴᠠᠭᠠᠨ ᠲᠡᠷᠡᠰᠤ ᠬᠡᠮᠡᠬᠦ ᠲᠤᠮᠤᠭ ᠤᠨ ᠬᠦᠬᠡ ᠲᠡᠯᠡᠬᠡᠢ︾ ᠬᠡᠬᠦ ᠰᠢᠯᠦᠭ ᠢᠶᠠᠷ ᠲᠡᠷᠢᠬᠦᠨ ᠪᠠᠶᠢᠷᠢᠨ ᠳᠤ ᠲᠤᠳᠤᠷᠠᠵᠤ᠂  ᠸ᠊᠂ ᠠᠯᠳᠠᠨᠳᠤᠪᠴᠢ᠂ ᠬᠠᠷᠠᠭᠳᠠᠨ ᠠᠯᠳᠠᠨᠵᠢᠮᠢᠰ ᠬᠤᠶᠠᠳᠤᠭᠠᠷ ᠨᠡᠷ᠎ᠡ᠂ ᠬᠤᠨᠢᠴᠢᠨ ᠠ᠊᠂ ᠵᠢᠷᠠ᠂ ᠬᠠᠳᠠᠴᠢᠨ ᠪᠠᠳᠤᠪᠠᠭᠠᠨ᠎ᠠ᠂ ᠡᠷᠳᠡᠨᠢᠠᠠᠭᠤᠯᠠ ᠭᠤᠷᠪᠠᠳᠤᠭᠠᠷ ᠪᠠᠶᠢᠷᠢᠨ ᠳᠤ ᠲᠤᠳᠤᠷᠠᠭᠰᠡᠨ ᠪᠠᠶᠢᠨ᠎ᠠ᠃ ᠤᠯᠤᠰ ᠤᠨ ᠨᠠᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠲᠤᠭᠤᠶᠢᠯᠠᠩ ᠠᠴᠠ ᠲᠡᠷᠢᠬᠦᠨ ᠨᠡᠷ᠎ᠡ ᠳᠤ ᠼᠦᠢ ᠯᠦ᠂ ᠬᠤᠶᠠᠳᠤᠭᠠᠷ ᠨᠡᠷ᠎ᠡ ᠳᠤ ᠯᠢᠦ ᠴᠠᠩ ᠷᠦᠩ᠂ ᠵᠢᠢ ᠼᠦᠨ ᠰᠢ᠂ ᠭᠤᠷᠪᠠᠳᠤᠭᠠᠷ ᠨᠡᠷ᠎ᠠ ᠳᠤ ᠸᠠᠩ ᠲᠢᠶᠠᠨ ᠶᠦᠨ᠂ ᠯᠢ ᠳ᠋ᠧ ᠱᠧᠩ᠂ ᠰᠢᠶᠤᠤ ᠰᠢᠦ ᠷᠦᠩ ᠲᠤᠰ ᠲᠤᠰ ᠲᠤᠳᠤᠷᠠᠵᠠᠢ᠃
3.2.jpg
3.3.jpg
3.4.jpg
3.5.jpg
3.6.jpg
 
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ