ᠳ᠋ᠦᠩᠱᠧᠩ ᠲᠣᠭᠤᠷᠢᠭ ᠤᠨ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/6
            ᠳ᠋ᠦᠩᠱᠧᠩ ᠵᠠᠰᠠᠭ ᠠᠯᠪᠠᠨ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠣᠬᠢᠴᠠᠭᠤᠯᠤᠨ ᠬᠠᠮᠢᠶᠠᠷᠬᠤ ᠰᠠᠯᠠᠭ᠎ᠠ ᠮᠥᠴᠢᠷ ᠲᠤ᠄    ᠲᠦᠪ᠂ ᠥᠪᠡᠷᠲᠡᠭᠡᠨ ᠵᠠᠰᠠᠬᠤ ᠣᠷᠣᠨ ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠨᠧᠷᠭᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠡᠯ᠎ᠡ ᠵᠦᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾  ᠶᠢᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠬᠦᠭᠵᠢᠬᠦᠯᠵᠤ᠂ ᠨᠡᠭᠦᠷᠡᠰᠦᠨ ᠤ ᠴᠢᠨᠠᠷ ᠰᠠᠶᠢᠲᠠᠶ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠳᠡᠮᠵᠢᠵᠦ᠂ ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠭᠡᠷ᠎ᠡ ᠶᠢ ᠭᠦᠢᠴᠡᠳᠭᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠱᠠᠭᠠᠷᠳᠠᠯᠭ᠎ᠠ ᠶᠣᠰᠣᠭᠠᠷ᠂ ᠡᠷᠬᠡ ᠲᠡᠭᠰᠢ᠂ ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠡᠨᠧᠷᠭᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ᠂ ᠨᠠᠷᠢᠯᠢᠭ ᠣᠨᠣᠴᠠᠲᠠᠶ ᠡᠨᠧᠷᠭᠢ ᠶᠢᠨ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠯᠳᠦᠭᠦᠯᠵᠦ᠂ ᠪᠥᠬᠦ ᠬᠤᠲᠠ ᠶᠢᠨ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠬᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠳ᠋ᠦᠩᠱᠧᠩ ᠲᠣᠭᠤᠷᠢᠭ ᠤᠨ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠬᠡᠨ᠎ᠠ︶ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠠ᠃    ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠᠳᠤᠭᠤᠶᠢᠯᠠᠩ ᠤᠨ ᠳᠠᠷᠤᠭ᠎ᠠ᠄    ᠭᠤᠤ ᠮᠢᠩ       ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄     ᠳ᠋ᠦ᠋ ᠵᠢᠤᠸᠠᠨ         ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ    ᠱᠢ ᠰᠢᠤᠸᠠᠢ ᠰᠦᠩ     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ︵ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ︶    ᠶᠠᠩ ᠶᠦᠨ              ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ     ᠵᠠᠩ ᠵᠢᠶᠠᠨ ᠭᠦᠩ        ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠᠪᠦᠷᠢᠯᠳᠦᠬᠦᠨ᠄     ᠯᠢᠦ ᠱᠢ ᠸᠧᠨ         ᠬᠠᠨᠳᠠᠢ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ    ᠸᠠᠩ ᠫᠧᠩ           ᠲᠦᠩᠴᠤᠸᠠᠨ ᠪᠠᠯᠭᠠᠰᠤᠨ ᠤ ᠵᠠᠰᠠᠭ ᠤᠨ ᠤᠷᠳᠤᠨ ᠤ ᠳᠠᠷᠤᠭ᠎ᠠ    ᠯᠢᠦ ᠬᠠᠢ             ᠪᠤᠷᠵᠠᠩᠨᠠᠭᠤᠷ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ    ᠵᠣᠣ ᠶᠠ ᠹᠧᠩ        ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ    ᠬᠤᠤ ᠯᠢᠶᠠᠩ          ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ    ᠯᠢᠦ ᠸᠧᠨ ᠪᠢᠨ      ᠲᠤᠭᠤᠷᠢᠭ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ᠂ ᠲᠤᠭᠤᠷᠢᠭ ᠤᠨ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ ᠲᠣᠪᠴᠢᠶᠠᠨ ᠤ ᠳᠠᠷᠤᠭ᠎ᠠ    ᠱᠤᠤ ᠶᠦᠩ     ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ    ᠭᠤᠤ ᠶᠦᠨ ᠱᠧᠩ       ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ    ᠶᠤᠸᠠᠨ ᡁᠢ ᠵᠢᠶᠦ᠋ᠨ      ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠳᠠᠷᠤᠭ᠎ᠠ    ᠯᠢ ᠹᠠᠩ  ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ    ᠯᠢᠦ ᠵᠢᠶᠠᠨ      ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠳᠠᠷᠤᠭ᠎ᠠ    ᠰᠤ᠋ ᠬᠠᠶ ᠷᠦᠢ        ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ    ᠵᠠᠩ ᠰᠢᠶᠤᠤ ᠯᠦᠩ    ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ    ᠬᠤᠤ ᠵᠢᠢ ᠵᠢᠶᠦ᠋ᠨ     ᠲᠤᠭᠤᠷᠢᠭ ᠤᠨ ᠲᠤᠲᠤᠭᠠᠲᠦ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠤᠯᠤᠰ ᠲᠦᠷᠦ ᠶᠢᠨ ᠬᠡᠰᠢᠭᠦᠨ    ᠸᠠᠩ ᠱᠧᠩ ᠷᠦᠩ     ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ    ᠴᠢᠨ ᠶᠦᠩ ᠫᠢᠩ      ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ     ᠹᠦ᠋ ᠯᠠᠢ ᠪᠢᠨ          ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠬᠤᠶᠠᠳᠤᠭᠠᠷ ᠬᠤᠪᠢᠶᠠᠷᠢ ᠲᠣᠪᠴᠢᠶᠠᠨ ᠤ ᠳᠠᠷᠤᠭ᠎ᠠ    ᠬᠠᠨ ᠹᠧᠢ ᠫᠧᠩ      ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ    ᠬᠠᠨ ᠰᠢᠶᠣᠤ         ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠸᠠᠩ ᠶᠦᠩ ᠫᠢᠩ    ᠰᠢᠨ ᠹᠦ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠮᠠ ᠶᠢᠩ ᠴᠦᠨ      ᠲᠣᠭᠤᠷᠢᠭ ᠤᠨ ᠲᠣᠮᠣ ᠳ᠋ᠠᠶᠢᠲ᠋ᠠ ᠶᠢᠨ ᠲᠥᠪ ᠤᠨ ᠡᠷᠬᠢᠯᠡᠭᠴᠢ    ᠵᠠᠩ ᠱᠧᠩ ᠷᠦᠩ    ᠲᠤᠭᠤᠷᠢᠭ ᠤᠨ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠲᠠᠰᠤᠭ ᠤᠨ ᠡᠷᠬᠢᠯᠡᠭᠴᠢ    ᠤᠳᠤᠷᠢᠳᠬᠤ ᠳᠤᠭᠤᠶᠢᠯᠠᠩ ᠨᠢ ᠭᠤᠣᠯᠳᠠᠭᠤ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ  ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠪᠦᠷᠢᠯᠳᠦᠬᠦᠨ ᠨᠢᠬᠡᠴᠡ ᠶᠢᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠬᠢᠭᠡᠳ ᠤᠯᠠᠮᠵᠢᠯᠠᠯᠲᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ︽1 + 3 +N︾ ᠲᠤᠭᠳᠠᠯᠴᠠᠭ᠎ᠠ ᠶᠢ ᠪᠠᠶᠢᠭᠤᠯᠤᠨ᠎ᠠ᠂ ᠲᠤᠬᠠᠶᠢᠯᠠᠪᠠᠯ ᠨᠢᠬᠡ ︽ᠳ᠋ᠠᠶᠢᠲ᠋ᠠ ᠶᠢᠨ ᠦᠢᠯᠡᠴᠢᠯᠡᠭᠡ ᠶᠢ ᠬᠠᠮᠳᠤ ᠪᠠᠷ ᠡᠳ᠋ᠯᠡᠬᠦ ᠲᠥᠪ︾᠂ ᠭᠤᠷᠪᠡᠨ︽ᠬᠠᠮᠢᠶᠠᠷᠤᠯᠲᠠ ᠦᠢᠯᠡᠴᠢᠯᠡᠭᠡᠨ ᠤ ᠢᠵᠢ ᠪᠥᠷᠢᠳᠦᠭᠦᠯᠬᠦ ᠲᠤᠭᠳᠠᠯᠴᠠᠭ᠎ᠠ︾ ᠂ N ᠵᠦᠢᠯ ᠤᠨ ︽ᠶᠡᠷᠦᠩᠬᠡᠶᠢᠯᠡᠭᠰᠡᠨ ᠪᠠᠲᠤᠯᠠᠭ᠎ᠠ ᠶᠢᠨ ᠠᠷᠭ᠎ᠠ ᠬᠡᠮᠵᠢᠶ᠎ᠡ︾ ᠶᠢ ᠠᠯᠬᠤᠮ ᠠᠯᠬᠤᠮ ᠢᠶᠠᠷ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠭᠦᠷᠡᠰᠦᠨ ᠤ ᠠᠵᠢᠯ ᠲᠥᠷᠥᠯ ᠤᠨ ᠲᠣᠭᠠᠴᠢᠯᠠᠭᠰᠠᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠭᠦᠷᠡᠰᠦᠨ ᠤ ᠠᠵᠤ ᠦᠢᠯᠡᠰ ᠤᠨ ᠵᠠᠰᠠᠯᠲᠠ ᠶᠢ ᠵᠢᠷᠤᠮᠵᠢᠭᠤᠯᠤᠨ ᠡᠮᠬᠢ ᠵᠢᠷᠤᠮ ᠲᠠᠢ ᠪᠣᠯᠭᠠᠭᠰᠠᠨ ᠰᠠᠭᠤᠷᠢᠨ ᠳᠡᠭᠡᠷ᠎ᠡ᠂ ᠨᠡᠭᠦᠷᠡᠰᠦᠨ ᠤ ᠠᠵᠢᠯ ᠲᠥᠷᠥᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠡᠭᠦᠳᠴᠦ᠂ ᠨᠡᠭᠦᠷᠡᠰᠦᠨ ᠤ ᠠᠵᠢᠯ ᠲᠥᠷᠥᠯ ᠤᠨ ᠲᠣᠭᠠᠴᠢᠯᠠᠬᠤ᠂ ᠤᠶᠤᠨᠴᠢᠯᠠᠬᠤ᠂ ᠪᠣᠬᠢᠷᠲᠤᠯ ᠥᠬᠡᠶ ᠪᠣᠯᠭᠠᠬᠤ ᠴᠢᠭᠯᠡᠯ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠥᠷᠢᠰᠥᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠡᠨᠧᠷᠭᠢ ᠶᠢᠨ ᠲᠣᠪᠴᠢᠶ᠎ᠠ ᠳᠤ  ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠠᠩ ᠰᠢᠶᠤᠤ ᠯᠦᠩ ᠨᠥᠬᠦᠷ ᠬᠠᠪᠰᠤᠷᠭᠠᠨ ᠡᠭᠦᠷᠭᠡᠯᠡᠨ᠎ᠡ᠃ ᠠᠯᠪᠠᠨ ᠬᠡᠷ ᠨᠢ ᠭᠤᠤᠯᠳᠠᠭᠤ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠵᠤ᠂ ᠵᠣᠬᠢᠴᠠᠭᠤᠯᠤᠨ ᠬᠠᠷᠢᠯᠴᠠᠬᠤ᠂ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠪᠠᠶᠢᠴᠠᠭᠠᠨ ᠵᠢᠯᠣᠭᠤᠳᠬᠤ ᠶᠢ ᠴᠢᠩᠭᠠᠳᠬᠠᠬᠤ ᠶᠢᠨ ᠬᠠᠮᠲᠤ ᠤᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠵᠥᠪ ᠢᠶᠠᠷ ᠭᠦᠢᠴᠡᠳᠬᠡᠬᠦ ᠶᠢ ᠰᠢᠮᠳᠠᠭᠤᠯᠵᠤ᠂ ᠲᠡᠷᠢᠭᠦᠨ ᠤ ᠠᠷᠭ᠎ᠠ ᠪᠠᠷᠢᠯ ᠪᠠ ᠨᠡᠶᠢᠲᠡᠯᠢᠭ ᠲᠤᠷᠰᠢᠯᠭ᠎ᠠ ᠶᠢ ᠶᠡᠬᠡᠪᠡᠷ ᠬᠡᠷᠡᠭᠵᠢᠭᠦᠯᠵᠦ᠂ ᠳᠣᠭᠢᠷᠠᠭᠤᠯᠤᠨ ᠪᠠᠶᠢᠷᠢᠯᠠᠭᠤᠯᠬᠤ᠂ ᠵᠠᠳᠠᠯᠬᠤ᠂ ᠰᠤᠳᠤᠯᠤᠨ ᠮᠠᠭᠠᠳᠯᠠᠬᠤ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠠᠳᠬᠤᠵᠤ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠬᠠᠷᠢᠭᠤᠴᠠᠨ᠎ᠠ᠃ᠬᠤᠶᠠᠷ᠂ ᠠᠵᠢᠯ ᠤᠨ ᠱᠠᠭᠠᠷᠳᠠᠯᠭ᠎ᠠ    ᠨᠢᠭᠡ ᠳᠤ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠪᠣᠳᠠᠲᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃    ᠬᠤᠶᠠᠷ ᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤ᠂ ᠬᠤᠯᠪᠣᠭᠳᠠᠯ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠪᠠ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰ ᠲᠤᠰ ᠤᠨ ᠬᠦᠷᠢᠶ᠎ᠡ ᠴᠠᠷᠠᠭ᠎ᠠ ᠶᠢᠨ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃    ᠭᠤᠷᠪᠠ ᠳᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠲᠠᠢ ᠬᠠᠮᠲᠤᠷᠠᠨ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠣᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠢᠰᠢᠳᠠ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠲᠣᠬᠢᠷᠠᠭᠤᠯᠤᠯᠲᠠ ᠬᠢᠬᠦ ᠠᠴᠠ ᠭᠠᠳᠠᠨ᠎ᠠ᠂ ᠪᠤᠰᠤᠳ ᠪᠦᠷᠢᠯᠳᠦᠬᠦᠨ  ᠢ ᠠᠵᠢᠯ ᠤᠨ ᠬᠤᠪᠢᠷᠠᠯᠲᠠ ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠪᠠᠯ᠂ ᠲᠡᠭᠦᠨ ᠤ ᠠᠵᠢᠯ ᠢ ᠵᠠᠰᠠᠭ ᠵᠠᠬᠢᠷᠭᠠᠨ ᠤ ᠲᠤᠰᠢᠶᠠᠯ ᠢ ᠵᠠᠯᠭᠠᠨ ᠬᠠᠷᠢᠭᠤᠴᠠᠭᠰᠡᠨ ᠬᠦᠮᠦᠨ ᠠᠴᠠ ᠠᠶᠠᠨᠳᠠᠭᠠᠨ ᠨᠥᠬᠦᠵᠦ ᠵᠠᠯᠭᠠᠨ ᠬᠠᠷᠢᠭᠤᠴᠠᠨ᠎ᠠ︔ ᠡᠨᠡ ᠠᠵᠢᠯ ᠳᠠᠭᠤᠰᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠦᠪᠡᠷᠳᠡᠬᠡᠨ ᠵᠠᠳᠠᠷᠠᠵᠤ᠂ ᠠᠰᠲᠠᠭᠠᠨ ᠪᠢᠴᠢᠭ ᠮᠠᠲ᠋ᠧᠷᠢᠶᠠᠯ ᠢᠶᠠᠷ ᠮᠡᠳᠡᠭᠳᠡᠬᠦ ᠦᠭᠡᠢ᠃             ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2023 ᠣᠨ ᠤ 6 ᠰᠠᠷ᠎ᠠ ᠶᠢᠨ 5 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ