ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ — ᠲᠦᠷᠪᠡᠳᠦᠬᠡᠷ ᠰᠠᠷ᠎ᠠ
ᠨᠡᠶᠢᠲᠡᠯᠡᠭᠰᠡᠨ ᠴᠠᠭ᠄
2023/7/1
    4 ᠰᠠᠷ᠎ᠠ ᠶᠢᠨ 4 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 55 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 21 ᠳ᠋ᠦ᠋ᠭᠡᠷ ᠤᠳᠠᠭᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠵᠢᠴᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃    4 ᠰᠠᠷ᠎ᠠ ᠶᠢᠨ 4 ᠤ ᠡᠳᠦᠷ᠂ ᠳ᠋ᠦᠩᠱᠧᠩ ᠲᠣᠭᠤᠷᠢᠭ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ  ᠬᠤᠷᠠᠯᠳᠤᠭᠤᠯᠪᠠ᠃ ᠬᠤᠷᠠᠯ ᠠᠴᠠ ᠪᠦᠬᠦ ᠬᠤᠳᠠ ᠶᠢᠨ ᠬᠠᠪᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠦᠵᠡᠵᠤ ᠰᠤᠷᠤᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠲᠤᠭᠤᠷᠢᠭ ᠤᠨ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠲᠡᠰ ᠳᠡᠪᠰᠢᠭᠦᠯᠦᠨ ᠪᠦᠷᠢᠳᠬᠡᠯ ᠳᠤ ᠣᠷᠣᠭᠤᠯᠬᠤ᠂ ᠶᠡᠷᠦᠩᠬᠡᠢ ᠬᠡᠯᠲᠡᠰ ᠤᠨ ᠠᠵᠤ ᠠᠬᠤᠢ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠳᠤᠲᠠᠭᠤᠳᠠᠯ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠴᠢᠩᠭᠠᠳᠬᠠᠨ᠂ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠠᠶᠢᠨ ᠡᠬᠢᠯᠡᠯᠲᠡ ᠪᠠᠷ ᠪᠦᠬᠦ ᠵᠢᠯ ᠤᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠤ ᠪᠠᠲᠤ ᠪᠠᠬᠢ ᠰᠠᠭᠤᠷᠢ ᠲᠠᠯᠪᠢᠬᠤ ᠶᠢ ᠪᠠᠲᠤᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    4 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠠᠨᠾᠦ᠋ᠢ ᠮᠤᠵᠢ ᠶᠢᠨ ᠦ᠋ ᠬᠤ᠋ ᠬᠤᠲᠠ ᠶᠢᠨ ᠴᠢ ᠷᠦᠢ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ ᠪᠥᠭᠡᠳ ᠴᠢ ᠷᠦᠢ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠢᠨ ᠲᠦᠩ ᠶᠤᠸᠠᠢ ᠵᠡᠷᠭᠡ ᠤᠳᠤᠷᠢᠳᠤᠯᠭ᠎ᠠ ᠲᠠᠢ ᠵᠥᠪᠳᠡᠯᠴᠡᠨ ᠶᠠᠷᠢᠯᠴᠠᠵᠤ᠂ ᠲᠦᠷᠦᠯ ᠵᠦᠢᠯ ᠤᠨ ᠬᠠᠮᠲᠤᠷᠠᠯᠴᠠᠭ᠎ᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠬᠠᠮᠲᠤᠪᠠᠷ ᠰᠤᠳᠤᠯᠤᠨ ᠶᠠᠷᠢᠯᠴᠠᠪᠠ᠃    4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠶᠠᠨ ᠵᠢᠢ᠂ ᠯᠠᠩ ᠹᠠᠩ ᠵᠡᠷᠭᠡ ᠭᠠᠵᠠᠷ ᠲᠤ ᠰᠢᠨᠵᠢᠯᠡᠨ ᠦᠵᠡᠪᠡ᠃ ᠭᠤᠣᠯᠳᠠᠭᠤ ᠰᠢᠨ᠎ᠡ ᠡᠨᠧᠷᠭᠢ᠂ ᠲᠣᠨᠣᠭᠯᠠᠯ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠳᠡᠭᠡᠳᠦ ᠰᠢᠨ᠎ᠡ ᠮᠡᠷᠭᠡᠵᠢᠯ ᠤᠨ  ᠬᠦᠷᠢᠶᠡᠨ ᠤ ᠲᠣᠭᠤᠷᠢᠨ ᠳᠤ ᠭᠦᠨᠵᠡᠭᠡᠢ ᠵᠥᠪᠳᠡᠯᠴᠡᠨ ᠶᠠᠷᠢᠯᠴᠠᠪᠠ᠃    4 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    4 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠶᠤᠨ ᠤ ᠬᠥᠮᠥᠷᠭᠡ ᠪᠠᠶᠢᠭᠤᠯᠬᠤ ᠬᠤᠷᠠᠯ ᠵᠢᠴᠢ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠢ ᠤᠷᠢᠨ ᠲᠣᠮᠢᠯᠠᠬᠤ ᠶᠣᠰᠣᠯᠠᠯ ᠶᠠᠪᠤᠭᠳᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠸᠢ ᠰᠢᠶᠦ᠋ᠩ᠂ ᠸᠧᠢ ᠮᠦᠳᠠᠨ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠠᠯᠪᠠᠨ ᠭᠡᠷ ᠤᠨ ᠡᠷᠬᠢᠯᠡᠭᠴᠢ ᠨᠠᠷ ᠬᠤᠷᠠᠯ ᠳᠤ ᠣᠷᠣᠯᠴᠠᠪᠠ᠃    4 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷ ᠨᠠᠷ ᠳ᠋ᠦᠩᠱᠧᠩ ᠲᠣᠭᠤᠷᠢᠭ ᠲᠤ ᠭᠦᠨᠵᠡᠭᠡᠶᠢᠷᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠬᠡᠦᠬᠡᠳ ᠨᠠᠶᠢᠳᠠᠨ ᠰᠠᠭᠠᠲᠠᠭᠤᠯᠬᠤ ᠠᠵᠢᠯ ᠤᠨ ᠠᠬᠢᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠤᠭᠤᠷᠢᠭ ᠤᠨ ᠤᠳᠤᠷᠢᠳᠤᠯᠭ᠎ᠠ ᠦ᠋ ᠹᠸᠢ ᠰᠢᠶᠦ᠋ᠩ ᠪᠠᠷ᠎ᠠ ᠪᠤᠯᠵᠤ ᠪᠠᠶᠢᠴᠠᠭᠠᠨ ᠰᠤᠳᠤᠯᠪᠠ᠃    4 ᠰᠠᠷ᠎ᠠ ᠶᠢᠨ 12 ᠤᠨ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠳᠤᠭᠤᠶᠢᠯᠠᠩ ᠳᠠᠭᠠᠭᠤᠯᠤᠨ ᠠᠶᠤᠯᠭᠦᠶ ᠤᠶᠢᠯᠡᠳᠪᠤᠷᠢᠯᠡᠯ ᠤᠨ ᠠᠵᠢᠯ ᠢ ᠥᠷᠨᠢᠭᠦᠯᠬᠦ ᠲᠤᠬᠠᠶ  ᠡᠷᠬᠢᠯᠡᠭᠴᠢᠳ ᠤᠨ ᠬᠠᠮᠲᠤ ᠶᠢᠨ ᠪᠠᠶᠢᠴᠠᠭᠠᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠵᠠᠩ ᠵᠧᠨ ᠫᠢᠩ᠂ ᠦ᠋ ᠹᠸᠢ ᠰᠢᠶᠦ᠋ᠩ᠂ ᠸᠧᠢ ᠮᠦᠳᠠᠨ᠂ ᠬᠡᠰᠡᠭ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃   4 ᠰᠠᠷ᠎ᠠ ᠶᠢᠨ 12 ᠤᠨ ᠡᠳᠦᠷ᠂ ᠬᠤᠲᠠ ᠶᠢᠨ ᠳᠡᠳ᠋ ᠳᠠᠷᠤᠭ᠎ᠠ ᠵᠢᠷᠤᠮᠳᠤ ᠳ᠋ᠦᠩᠱᠧᠩ ᠲᠣᠭᠤᠷᠢᠭ ᠲᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠤᠲᠠ ᠲᠣᠭᠤᠷᠢᠭ ᠬᠤᠶᠠᠷ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠶᠢᠴᠠᠭᠠᠨ ᠰᠤᠳᠤᠯᠪᠠ᠃   4 ᠰᠠᠷ᠎ᠠ ᠶᠢᠨ 13 ᠤ ᠡᠳᠦᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠤᠷᠢᠳ ᠬᠤᠵᠢᠳ ᠳ᠋ᠦᠡᠭᠱᠸᠡᠭ ᠲᠤᠭᠤᠷᠢᠭ ᠤᠨ ᠰᠠᠶᠢᠨᠲ᠋ᠠᠶᠢᠵᠢ ᠨᠠᠭᠤᠷ ᠤᠨ ᠲᠤᠭᠤᠷᠢᠭ᠂ ᠸᠠᠨ ᠯᠢ ᠤᠰᠤᠨ ᠤ ᠴᠢᠨᠠᠷ ᠢ ᠴᠡᠪᠡᠷᠰᠢᠬᠦᠯᠬᠦ ᠦᠢᠯᠡᠳᠪᠤᠷᠢ᠂ ᠡᠮᠦᠨ᠎ᠡ ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠬᠦᠯᠬᠦ ᠦᠢᠯᠡᠳᠪᠤᠷᠢ᠂ ᠬᠠᠰᠢᠯᠠᠭ᠎ᠠ ᠨᠠᠭᠤᠷ ᠢᠶᠠᠷ ᠬᠦᠨᠵᠡᠬᠡᠶᠢᠷᠡᠨ᠂ ᠪᠣᠬᠢᠷᠲᠤᠯ ᠢ ᠰᠡᠷᠭᠡᠶᠢᠯᠡᠨ ᠵᠠᠰᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠶᠢᠴᠠᠭᠠᠨ ᠰᠤᠳᠤᠯᠪᠠ᠃   4 ᠰᠠᠷ᠎ᠠ ᠶᠢᠨ 13 ᠤ ᠡᠳᠦᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ  ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠡᠭ ᠤᠷᠢᠳ ᠬᠤᠵᠢᠳ ᠬᠤᠨᠭ᠌ ᠹᠸᠡᠭ ᠨᠡᠭᠦᠷᠡᠰᠤᠨ ᠠᠭᠤᠷᠬᠠᠢ᠂ ᠸᠠᠨ ᠯᠢ ᠨᠢᠬᠡᠳᠦᠬᠡᠷ ᠠᠭᠤᠷᠬᠠᠢ᠂ ᠴᠢᠶᠠᠨ ᠶᠢᠨ ᠨᠡᠭᠦᠷᠡᠰᠤᠨ ᠠᠭᠤᠷᠬᠠᠢ ᠳᠤ ᠭᠦᠨᠵᠡᠭᠡᠶᠢᠷᠡᠨ᠂ ᠪᠤᠭᠢᠷᠳᠤᠯ ᠦᠭᠡᠢ ᠠᠭᠤᠷᠬᠠᠢ᠂ ᠤᠶᠤᠨᠴᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠪᠠ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ᠂ ᠠᠶᠤᠯᠬᠦᠢ ᠦᠢᠯᠡᠳᠪᠤᠷᠢᠯᠠᠯ ᠤᠨ ᠠᠵᠢᠯ ᠵᠡᠷᠬᠡ ᠶᠢ ᠪᠠᠶᠢᠴᠠᠭᠠᠨ ᠰᠤᠳᠤᠯᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠶᠢᠴᠠᠭᠠᠨ ᠰᠤᠳᠤᠯᠪᠠ᠃   4 ᠰᠠᠷ᠎ᠠ ᠶᠢᠨ 13 ᠤ ᠡᠳᠦᠷ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠵᠢᠷᠭᠠᠯᠳᠤ ᠨᠠᠷ ᠳ᠋ᠦᠩᠱᠧᠩ ᠲᠤᠭᠤᠷᠢᠭ ᠲᠤ ᠢᠷᠡᠵᠤ ᠤᠯᠤᠰ ᠲᠦᠷᠦ ᠶᠢᠨ ᠵᠦᠪᠯᠡᠯᠭᠡᠨ ᠤ ᠵᠦᠪᠯᠡᠯᠭᠡ ᠬᠢᠬᠦ ᠪᠠ ᠦᠨᠳᠦᠰᠦᠨ ᠱᠠᠳᠤᠨ ᠤ ᠵᠦᠪᠳᠡᠯᠴᠡᠭᠡ ᠶᠢ ᠵᠤᠯᠭᠠᠭᠤᠯᠬᠤ ᠠᠵᠢᠯ ᠢ ᠪᠠᠶᠢᠴᠠᠭᠠᠨ ᠰᠤᠳᠤᠯᠵᠤ᠂ ᠳ᠋ᠦᠩᠱᠧᠩ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠠᠨ ᠶᠤᠤ ᠲᠢᠩ ᠬᠠᠮᠳᠤ ᠪᠠᠷ ᠪᠠᠶᠢᠴᠠᠭᠠᠨ ᠰᠤᠳᠤᠯᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠠᠮᠲᠤ ᠪᠠᠶᠢᠴᠠᠭᠠᠨ ᠰᠤᠳᠤᠯᠪᠠ᠃   4 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 56 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃   4 ᠰᠠᠷ᠎ᠠ ᠶᠢᠨ 11 ᠤ ᠡᠳᠦᠷ ᠠᠴᠠ 4 ᠰᠠᠷ᠎ᠠ ᠶᠢᠨ 14 ᠤ ᠡᠳᠦᠷ ᠪᠤᠯᠳᠠᠯ᠎ᠠ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠴᠦᠩᠴᠢᠩ᠂ ᠹᠦᠵᠧᠦ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠨ ᠰᠢᠨᠵᠢᠯᠡᠨ ᠦᠵᠡᠵᠤ᠂ ᠭᠤᠤᠯᠳᠠᠭᠤ ᠲᠤᠨᠤᠬᠯᠠᠯ ᠦᠢᠯᠡᠳᠬᠦ᠂ ᠰᠢᠨ᠎ᠠ ᠡᠨᠧᠷᠬᠢ᠂ ᠲᠤᠭᠠᠴᠢᠯᠠᠬᠰᠠᠨ ᠰᠢᠨᠵᠢᠯᠡᠭᠦ ᠤᠬᠠᠭᠠᠨ ᠮᠡᠷᠭᠡᠵᠢᠯ᠂ ᠤᠳᠤ ᠦᠶ᠎ᠠ ᠶᠢᠨ ᠠᠷᠠᠯᠵᠢᠶ᠎ᠠ ᠬᠤᠳᠠᠯᠳᠤᠭ᠎ᠠ ᠶᠢᠨ ᠡᠳ᠋ ᠪᠠᠷᠠᠭᠠᠨ ᠤ ᠭᠦᠢᠯᠭᠡᠭᠡ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠬ ᠡᠳ᠋ᠰᠢᠬᠦᠯᠬᠦ ᠵᠡᠷᠭᠡ ᠬᠦᠷᠢᠶ᠎ᠡ ᠶᠢᠨ ᠲᠤᠭᠤᠷᠢᠨ ᠳᠤ᠂ ᠰᠢᠯᠢᠳᠡᠭ ᠠᠵᠤ ᠠᠬᠤᠢᠢᠯᠠᠯ ᠤᠨ ᠪᠡᠯᠡ ᠤᠷᠤᠭᠤᠯᠤᠯᠳᠠ᠂ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠢ ᠭᠡᠷ᠎ᠠ ᠲᠤᠬᠳᠠᠨ ᠨᠠᠶᠢᠳᠠᠪᠤᠷᠢᠵᠢᠭᠤᠯᠬᠤ ᠶᠢ ᠠᠬᠢᠭᠤᠯᠪᠠ᠃ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠰᠢᠨᠵᠢᠯᠡᠨ ᠦᠵᠡᠬᠦ ᠠᠵᠢᠯᠯᠠᠭ᠎ᠠ ᠳᠤ ᠣᠷᠣᠯᠴᠠᠪᠠ᠃    4 ᠰᠠᠷ᠎ᠠ ᠶᠢᠨ 17 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠬᠠᠨᠳᠠᠢ ᠪᠠᠯᠭᠠᠰᠤᠨ ᠤ ᠰᠠᠯᠠᠭ᠎ᠠ ᠲᠣᠰᠬᠤᠨ ᠤ ᠳᠣᠯᠣᠳᠤᠭᠠᠷ ᠬᠤᠷᠰᠢᠶᠠᠵᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠭᠠᠵᠠᠷ ᠲᠤ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃   4 ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠣᠭᠢᠷᠠᠭᠤᠯᠤᠨ ᠠᠬᠢᠭᠤᠯᠪᠠ᠃ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠣᠰ ᠲᠣᠰ ᠲᠤᠰᠬᠠᠶ ᠰᠡᠳᠦᠪᠲᠦ ᠬᠤᠷᠠᠯ ᠪᠤᠶᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠣᠷᠳᠣᠰ ᠬᠤᠲᠠ᠂ ᠳ᠋ᠦᠩᠱᠧᠩ ᠲᠣᠭᠤᠷᠢᠭ ᠲᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠯᠢᠶᠠᠩ ᠱᠠᠨ ᠨᠥᠬᠦᠷ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠨᠥᠬᠦᠷ ᠬᠤᠷᠠᠯ ᠢ ᠡᠷᠭᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠠᠨ ᠠᠪᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠵᠢᠯ ᠤᠨ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠡᠷᠡᠰ ᠵᠢᠷᠤᠮᠯᠠᠨ᠂ ᠲᠣᠭᠤᠷᠢᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠪᠥᠭᠡᠳ ᠲᠦᠷᠭᠡᠨ ᠴᠡᠭᠴᠡᠯᠡᠨ ᠰᠠᠶᠢᠵᠢᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ ᠤᠷᠳᠤᠰ ᠬᠤᠳᠠ᠂ ᠳ᠋ᠦᠡᠭᠱᠸᠡᠭ ᠲᠤᠭᠤᠷᠢᠭ ᠤᠨ ᠬᠤᠯᠪᠤᠬᠳᠠᠯ ᠪᠦᠭᠦᠢ ᠤᠳᠤᠷᠢᠳᠬᠤ ᠪᠠᠭ ᠤᠨ ᠪᠦᠷᠢᠯᠳᠦᠭᠦᠨ ᠪᠠ ᠬᠤᠯᠪᠤᠬᠳᠠᠯ ᠪᠦᠭᠦᠢ ᠲᠠᠯ᠎ᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃    4 ᠰᠠᠷ᠎ᠠ ᠶᠢᠨ 19 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠸᠠᠨ ᠢᠦᠶ ᠰᠢᠨᠵᠢᠯᠡᠬᠦ ᠤᠬᠠᠭᠠᠨ ᠮᠡᠷᠭᠡᠵᠢᠯ ︵ᠳᠤᠮᠳᠠᠳᠤ ᠤᠯᠤᠰ︶ ᠤᠨ ᠬᠢᠵᠠᠭᠠᠷᠲᠤ ᠺᠣᠮᠫᠠᠨᠢ ᠶᠢᠨ ᠳᠡᠭᠡᠳᠦ ᠴᠢᠳᠠᠪᠬᠢᠲᠤ ᠰᠢᠨ᠎ᠡ ᠡᠨᠧᠷᠭᠢ ᠶᠢᠨ  ᠡᠯᠧᠺᠲᠷᠤᠨ ᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠲᠠᠢ ᠠᠮᠵᠢᠯᠲᠠ ᠲᠠᠢ ᠭᠡᠷ᠎ᠡ ᠲᠣᠭᠲᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠵᠦ᠂ ᠰᠢᠶᠠᠩᠭᠠᠩ ᠤᠨ ᠸᠠᠨ ᠢᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    4 ᠰᠠᠷ᠎ᠠ ᠶᠢᠨ 19 ᠤ ᠡᠳᠦᠷ᠂ ᠳ᠋ᠦᠡᠭᠱᠸᠡᠭ ᠲᠤᠭᠤᠷᠢᠭ ᠤᠨ ᠵᠠᠰᠠᠭ ᠤᠨ ᠤᠷᠳᠤᠨ 2023 ᠤᠨ ᠤ 10 ᠳ᠋ᠤᠭᠠᠷ  ᠤᠳᠠᠭᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    4 ᠰᠠᠷ᠎ᠠ ᠶᠢᠨ 19 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    4 ᠰᠠᠷ᠎ᠠ ᠶᠢᠨ 19 ᠤ ᠡᠳᠦᠷ᠂ ᠳ᠋ᠦᠩᠱᠧᠩ ᠲᠣᠭᠤᠷᠢᠭ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠲᠣᠬᠢᠷᠠᠭᠤᠯᠤᠯᠲᠠ ᠬᠢᠨ᠂ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    4 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠱᠤᠤ ᠴᠧᠩ ᠬᠢᠶ᠎ᠠ ᠪᠠᠭᠰᠢ ᠲᠣᠭᠤᠷᠢᠭ ᠪᠣᠯᠤᠨ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    4 ᠰᠠᠷ᠎ᠠ ᠶᠢᠨ 23 ᠤ ᠡᠳᠦᠷ᠂ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ᠂ ᠳ᠋ᠦᠩᠱᠧᠩ ᠲᠣᠭᠤᠷᠢᠭ ᠵᠢᠩ ᠤᠣ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠡᠭᠦᠷᠡᠰᠦᠲᠥ᠋ᠷᠥᠭᠴᠢ ᠥᠬᠡᠶ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠬᠤᠷᠠᠯ ᠳᠤ ᠣᠷᠣᠯᠴᠠᠪᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃     4 ᠰᠠᠷ᠎ᠠ ᠶᠢᠨ 25 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 57 ᠤᠳᠠᠭᠠᠨ ᠤ ᠪᠠᠶᠢᠡᠭᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠲᠠᠪᠤ ᠶᠢ ᠲᠤᠶᠢᠯᠪᠤᠷᠢᠳᠠᠢ ᠪᠠᠶᠢᠴᠠᠭᠠᠬᠤ᠂ ︽ᠳ᠋ᠦᠸᠧ ᠳ᠋ᠦᠸᠧ ᠫᠢᠩ︾ ᠲᠠᠪᠴᠠᠩ ᠢ ᠲᠡᠯᠭᠡᠷᠡᠭᠦᠯᠦᠨ ᠭᠡᠷᠡᠭᠯᠡᠭᠦ᠂ ᠶᠡᠭᠡ ᠪᠠᠷ ᠪᠠᠶᠢᠴᠠᠭᠠᠨ ᠰᠤᠳᠤᠯᠤᠯᠳᠠ ᠭᠢᠭᠦ᠂ ᠰᠤᠷᠳᠠᠯ ᠤᠨ ᠪᠠᠶᠢᠭᠤᠯᠤᠯᠳᠠ ᠵᠡᠷᠭᠡ ᠠᠵᠢᠯ ᠢ ᠦᠷᠭᠦᠯᠵᠢᠯᠠᠨ ᠴᠢᠩᠭᠠᠳᠬᠠᠵᠤ᠂ ᠨᠢᠭᠡᠳᠤᠭᠡᠷ ᠤᠯᠠᠷᠢᠯ ᠤᠨ ᠠᠵᠤ ᠠᠬᠤᠢ ᠶᠢᠨ ᠡᠷᠭᠢᠯᠳᠠ ᠶᠢᠨ ᠪᠠᠶᠢᠳᠠᠯ ᠢ ᠵᠠᠳᠠᠯᠤᠨ ᠰᠤᠳᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠪᠡ᠃    4 ᠰᠠᠷ᠎ᠠ ᠶᠢᠨ 27 ᠤ ᠡᠳᠦᠷ᠂ ᠳ᠋ᠦᠩᠱᠧᠩ ᠲᠣᠭᠤᠷᠢᠭ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠢᠰᠲ᠋ᠧᠮ ᠲᠠᠢ ᠬᠠᠮᠳᠤᠷᠠᠨ ᠠᠵᠢᠯᠯᠠᠬᠤ ᠲᠥᠷᠥᠯ ᠵᠦᠢᠯ ᠤᠨ ᠲᠤᠬᠠᠶ ᠶᠠᠷᠢᠯᠴᠠᠬᠤ ᠬᠤᠷᠠᠯ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ᠂ ᠬᠤᠲᠠ ᠶᠢᠨ ᠪᠡᠯᠡ ᠣᠷᠣᠭᠤᠯᠤᠯᠲᠠ  ᠶᠢᠨ ᠪᠦᠯᠦᠭᠯᠡᠯ᠂ ᠬᠤᠲᠠ ᠶᠢᠨ ᠤᠰᠤᠨ ᠤ ᠪᠡᠯᠡ ᠣᠷᠣᠭᠤᠯᠤᠯᠲᠠ ᠶᠢᠨ ᠪᠦᠯᠦᠭᠯᠡᠯ᠂ ᠬᠤᠲᠠ ᠶᠢᠨ ᠣᠷᠳᠣᠰ ᠤᠨ ᠡᠨᠧᠷᠭᠢ ᠶᠢᠨ ᠪᠦᠯᠦᠭᠯᠡᠯ᠂ ᠬᠤᠲᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ᠂ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠺᠣᠮᠫᠠᠨᠢ᠂ ᠨᠢᠰᠬᠡᠯ ᠤᠨ ᠪᠠᠭᠤᠳᠠᠯ ᠤᠨ ᠪᠦᠯᠦᠭᠯᠡᠯ᠂ ᠬᠤᠲᠠ ᠶᠢᠨ ᠬᠠᠮ ᠵᠠᠭᠤᠴᠢᠯᠠᠭᠤᠷ ᠤᠨ ᠺᠣᠮᠫᠠᠨᠢ ᠵᠢᠴᠢ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃   4 ᠰᠠᠷ᠎ᠠ ᠶᠢᠨ 27 ᠤ ᠡᠳᠦᠷ᠂ ᠳ᠋ᠦᠩᠱᠧᠩ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    4 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ