ᠳ᠋ᠦᠩᠱᠧᠩ ᠤᠨ ᠡᠨᠡ ᠰᠤᠷᠭᠠᠭᠤᠯᠢ ︽ᠨᠡᠷ᠎ᠡ ᠮᠠᠨᠳᠤᠪᠠ︾
ᠨᠡᠶᠢᠲᠡᠯᠡᠭᠰᠡᠨ ᠴᠠᠭ᠄
2023/7/18
     ᠳ᠋ᠦᠩᠱᠧᠩ ᠲᠣᠭᠤᠷᠢᠭ ᠤᠨ ᠵᠢᠩ ᠨᠢᠩ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠦᠷᠢᠶᠡᠨ ᠳᠤ᠂ ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠤᠨ ᠠᠷᠠᠳ ᠲᠦᠮᠡᠨ ᠡᠷᠬᠦᠨ ᠳᠡᠵᠢᠭᠡᠭᠰᠡᠨ᠂ ᠰᠡᠳᠬᠢᠯ  ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠤᠭᠰᠠᠨ᠂ ᠰᠠᠨᠰᠠᠷ ᠤᠨ ᠤᠶᠢᠯᠡᠰ ᠲᠤ ᠰᠠᠷᠠᠭᠤᠯ ᠨᠤᠳᠤᠭ ᠢᠶᠠᠨ ᠵᠤᠷᠢᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠯᠢᠭᠡᠷ ᠵᠡᠷᠭᠡ ᠠᠭᠤᠯᠭ᠎ᠠ ᠶᠢ ᠳᠡᠯᠭᠡᠨ ᠦᠵᠡᠬᠦᠯᠦᠭᠰᠡᠨ ᠨᠢᠭᠡ ᠵᠤᠷᠪᠤᠰ ᠬᠤᠪᠢᠰᠬᠠᠯ ᠤᠨ ᠵᠠᠮ ᠨᠢ ᠬᠦᠮᠦᠰ ᠤᠨ ᠠᠩᠬᠠᠷᠤᠯ ᠢ ᠮᠠᠰᠢ ᠳᠠᠳᠠᠭᠰᠠᠨ ᠪᠠᠶᠢᠨ᠎ᠠ᠃ ᠠᠳᠡ ᠡᠳᠦᠷ ᠪᠦᠷᠢ ︽ᠪᠢᠴᠢᠬᠠᠨ ᠲᠠᠶᠢᠯᠪᠤᠷᠢᠯᠠᠭᠴᠢ︾ ᠠᠴᠠ ᠪᠤᠰᠤᠳ ᠰᠤᠷᠤᠭᠴᠢᠳ ᠲᠤ ᠡᠳᠡᠭᠡᠷ ᠰᠡᠳᠬᠢᠯ ᠬᠥᠳᠡᠯᠭᠡᠮ᠎ᠡ ᠬᠤᠪᠢᠰᠬᠠᠯ ᠤᠨ ᠦᠯᠢᠭᠡᠷ ᠢ ᠶᠠᠷᠢᠵᠤ ᠦᠭᠳᠡᠭ᠃
1.jpg
2.jpg
     ᠳ᠋ᠦᠩᠱᠧᠩ ᠲᠣᠭᠤᠷᠢᠭ ᠤᠨ ᠵᠢᠩ ᠨᠢᠩ ᠲᠤᠷᠰᠢᠯᠲᠠ ᠶᠢᠨ ᠪᠠᠭ᠎ᠠ ᠰᠤᠷᠭᠠᠭᠤᠯᠢ ᠲᠡᠷᠢᠭᠦᠨ ᠤ ᠦᠵᠡᠯ ᠰᠠᠨᠠᠭ᠎ᠠ ᠪᠠᠷ ᠬᠡᠤᠬᠡᠳ ᠢ ᠬᠥᠮᠥᠵᠢᠭᠦᠯᠬᠦ᠂ ᠰᠡᠳᠬᠢᠯ ᠬᠥᠳᠡᠯᠭᠡᠮ᠎ᠡ ᠦᠭᠡ ᠶᠠᠷᠢᠶ᠎ᠠ ᠪᠠᠷ ᠬᠡᠤᠬᠡᠳ ᠢ ᠬᠥᠮᠥᠵᠢᠭᠦᠯᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠬᠡᠷᠡᠮ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠬᠤᠪᠢᠰᠬᠠᠯ ᠤᠨ ᠰᠣᠶᠣᠯ ᠢ ᠳᠦᠭᠦᠷᠲᠡᠯ᠎ᠡ ᠬᠠᠳᠠᠭᠠᠯᠠᠭᠰᠠᠨ ᠭᠤᠷᠪᠠᠨ ᠥᠩᠭᠡ ᠶᠢᠨ ᠠᠭᠤᠰᠤᠯᠴᠠᠯ ᠤᠨ ᠦᠵᠡᠭᠦᠯᠭᠡ ᠶᠢᠨ ᠲᠣᠭᠤᠷᠢᠭ ᠢ ᠪᠠᠶᠢᠭᠤᠯᠪᠠ᠃ ᠬᠢᠴᠢᠶᠡᠯ ᠪᠠᠭᠤᠬᠤ ᠪᠣᠯᠭᠠᠨ᠂ ᠨᠢᠭᠡ ᠪᠦᠯᠦᠭ ᠬᠡᠦᠬᠡᠳ ᠠᠳᠡ ᠢᠷᠡᠵᠦ ᠬᠤᠪᠢᠰᠬᠠᠯ ᠤᠨ ᠦᠯᠢᠭᠡᠷ ᠪᠠ ᠰᠤᠷᠭᠠᠯ ᠦᠭᠡᠰ ᠢ ᠤᠩᠰᠢᠳᠠᠭ᠃
3.jpg
4.jpg
     ︽ᠬᠢᠴᠢᠶᠡᠯ ᠪᠠᠭᠤᠭᠰᠠᠨ ᠤ ᠳᠠᠷᠠᠭ᠎ᠠ᠂ ᠪᠢ ᠬᠠᠮᠲᠤ ᠰᠤᠷᠤᠭᠴᠢᠳ ᠲᠠᠢ ᠪᠠᠨ ᠰᠤᠷᠭᠠᠭᠤᠯᠢ ᠶᠢᠨ ᠬᠦᠷᠢᠶᠡᠨ ᠤ ︿ᠦᠯᠢᠭᠡᠷ ᠶᠠᠷᠢᠳᠠᠭ ᠬᠡᠷᠡᠮ﹀ ᠤᠨ ᠳᠡᠷᠭᠡᠳᠡ ᠢᠷᠡᠵᠤ ᠥᠯᠢᠭᠡᠷ ᠰᠤᠨᠤᠰᠳᠠᠭ᠂ ᠡᠲᠡᠭᠡᠷ ᠦᠯᠢᠭᠡᠷ ᠨᠢ ᠪᠢᠳᠡᠨ ᠤ ᠰᠠᠶᠢᠲᠤᠷ ᠰᠤᠷᠤᠯᠴᠠᠬᠤ ᠢᠲᠡᠭᠡᠯ ᠵᠣᠷᠢᠭ ᠢ ᠪᠠᠳᠤᠳᠬᠠᠨ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠶᠢ ᠵᠤᠷᠢᠭᠵᠢᠭᠤᠯᠳᠠᠭ︾ ᠭᠡᠪᠡ᠃                       — ᠳ᠋ᠦᠩᠱᠧᠩ     ᠲᠣᠭᠤᠷᠢᠭ ᠤᠨ       ᠵᠢᠩ ᠨᠢᠩ                            ᠳᠤᠷᠰᠢᠯᠳᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ    ᠰᠤ᠋ ᠵᠢᠶᠠ ᠢᠦᠢ
5.jpg
6.jpg
     ︽ᠤᠰᠤ ᠶᠢ ᠨᠢ ᠤᠤᠭᠤᠪᠠᠯ ᠡᠬᠢ ᠶᠢ ᠨᠢ ᠪᠤᠳᠤ ᠁︾ ᠭᠡᠳᠡᠭᠴᠢᠯᠡᠨ ᠬᠡᠯᠡ ᠪᠢᠴᠢᠭ ᠤᠨ ᠬᠢᠴᠢᠶᠡᠯ ᠳᠡᠭᠡᠷ᠎ᠡ ᠬᠡᠦᠬᠡᠳ ᠤᠳ ᠪᠠᠭᠰᠢ ᠲᠠᠢ ᠪᠠᠨ ᠬᠠᠮᠲᠤ ᠥᠨᠳᠥᠷ ᠳᠠᠭᠤᠨ ᠢᠶᠠᠷ ᠬᠢᠴᠢᠶᠡᠯ ᠤᠩᠰᠢᠨ᠂ ᠲᠣᠭᠠᠨ ᠤ ᠤᠬᠠᠭᠠᠨ ᠤ ᠬᠢᠴᠢᠶᠡᠯ ᠳᠡᠭᠡᠷ᠎ᠡ ᠬᠡᠦᠬᠡᠳ ᠤᠳ ᠪᠠᠭᠰᠢ ᠪᠠᠨ ᠳᠠᠭᠠᠵᠤ ᠲᠢᠶᠠᠨ ᠠᠨ ᠮᠧᠨ ᠤ ᠳᠤᠳᠤᠷᠠᠬᠢ ᠲᠣᠭᠠᠨ ᠤ ᠤᠬᠠᠭᠠᠨ ᠤ ᠠᠰᠠᠭᠤᠳᠠᠯ ᠢ ᠬᠠᠶᠢᠨ ᠰᠦᠪᠡᠭᠴᠢᠯᠡᠨ᠎ᠡ ᠁ ᠳ᠋ᠦᠩᠱᠧᠩ ᠲᠣᠭᠤᠷᠢᠭ ᠤᠨ ᠵᠢᠩ ᠨᠢᠩ ᠳᠤᠷᠰᠢᠯᠳᠠ ᠶᠢᠨ ᠪᠠᠭ᠎ᠠ ᠰᠤᠷᠭᠠᠭᠤᠯᠢ ᠨᠢ ᠬᠤᠪᠢᠰᠬᠠᠯ ᠤᠨ ᠰᠤᠷᠭᠠᠨ ᠬᠥᠮᠦᠵᠢᠯ ᠢ ᠡᠳᠦᠷ ᠳᠣᠳᠣᠮ ᠤᠨ ᠵᠢᠭᠠᠨ ᠰᠤᠷᠭᠠᠯᠲᠠ ᠶᠢᠨ ᠠᠭᠤᠯᠭ᠎ᠠ ᠳᠤ ᠠᠭᠤᠰᠬᠠᠨ ᠤᠷᠤᠭᠤᠯᠪᠠ᠃
7.jpg
     ︽ᠬᠡᠯᠡ ᠪᠢᠴᠢᠭ ᠤᠨ ᠬᠢᠴᠢᠶᠡᠯ ᠲᠠᠢ ᠤᠶᠠᠯᠳᠤᠭᠤᠯᠤᠨ᠂ ᠬᠤᠪᠢᠰᠬᠠᠯ ᠤᠨ ᠰᠤᠷᠭᠠᠨ ᠬᠥᠮᠦᠵᠢᠯ ᠢ ᠠᠭᠤᠰᠬᠠᠵᠤ᠂ ᠰᠤᠷᠤᠭᠴᠢᠳ ᠲᠤ ᠵᠣᠯ ᠵᠢᠷᠭᠠᠯᠲᠤ ᠠᠮᠢᠳᠤᠷᠠᠯ ᠤᠨ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠢ ᠣᠶᠢᠯᠠᠭᠠᠭᠤᠯᠵᠤ᠂ ᠬᠢᠴᠢᠶᠡᠯ ᠦᠢᠯᠡᠳᠦᠯᠭᠡ ᠶᠢ ᠠᠰᠢᠭᠯᠠᠨ᠂ ᠰᠤᠷᠤᠭᠴᠢᠳ ᠢ ᠳᠠᠭᠠᠭᠤᠯᠤᠨ ᠬᠤᠪᠢᠰᠬᠠᠯ ᠤᠨ ᠵᠣᠷᠢᠭ ᠰᠠᠨᠠᠭ᠎ᠠ ᠶᠢ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ ᠪᠠᠶᠢᠨ᠎ᠠ︾᠃                               — ᠳ᠋ᠦᠩᠱᠧᠩ     ᠲᠣᠭᠤᠷᠢᠭ ᠤᠨ    ᠵᠢᠩ ᠨᠢᠩ                                     ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ    ᠬᠤᠤ ᠲᠢᠩ
8.jpg
     ︽ᠮᠠᠨ ᠤ ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠭᠤᠯᠵᠤ᠂ ᠳᠥᠷᠪᠡᠨ ᠵᠠᠮ ᠤᠨ ᠰᠣᠶᠣᠯ ᠢᠶᠠᠷ ᠭᠤᠣᠯ ᠰᠢᠵᠢᠮ ᠪᠤᠯᠭᠠᠨ᠂ ︿ᠳᠥᠷᠪᠡᠨ ᠵᠠᠮ ᠭᠤᠷᠪᠠᠨ ᠲᠢᠩᠬᠢᠮ ᠨᠢᠭᠡ ᠠᠭᠤᠳᠠᠮ ᠲᠠᠯᠠᠪᠠᠶ﹀ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠬᠤᠶᠢᠰᠢᠳᠠ ᠰᠠᠷ᠎ᠠ ᠪᠦᠷᠢ ᠠᠭᠤᠯᠭ᠎ᠠ ᠪᠠᠨ ᠰᠢᠨᠡᠳᠬᠡᠨ᠂ ᠦᠵᠡᠯ ᠰᠠᠨᠠᠭ᠎ᠠ ᠤᠯᠤᠰ ᠲᠥᠷᠥ ᠶᠢᠨ ᠰᠢᠷᠢᠰ ᠬᠢᠴᠢᠶᠡᠯ ᠢ ᠭᠠᠷᠭᠠᠵᠤ᠂ ᠲᠤᠰ ᠬᠢᠴᠢᠶᠡᠯ ᠢᠶᠠᠷ ᠢᠶᠠᠨ ᠬᠡᠦᠬᠡᠳ ᠤᠳ ᠲᠤ ᠢᠲᠡᠭᠡᠯ ᠪᠢᠰᠢᠷᠡᠯ ᠤᠨ ᠬᠦᠴᠦᠨ ᠴᠢᠳᠠᠯ ᠢ ᠤᠯᠭᠤᠨ᠎ᠠ︾᠃                   — ᠳ᠋ᠦᠩᠱᠧᠩ     ᠲᠣᠭᠤᠷᠢᠭ ᠤᠨ     ᠵᠢᠩ ᠨᠢᠩ                        ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ    ᠯᠢᠦ ᠵᠢᠶᠦ᠋ᠨ ᠮᠧᠢ     ᠣᠶᠢᠯᠠᠭᠠᠭᠰᠠᠨ ᠢᠶᠠᠷ᠂ ᠳ᠋ᠦᠩᠱᠧᠩ ᠲᠣᠭᠤᠷᠢᠭ ᠤᠨ ᠵᠢᠩ ᠨᠢᠩ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠡ ᠰᠣᠶᠣᠯ ᠪᠠ ᠳᠠᠯᠳᠠ ᠰᠤᠷᠭᠠᠨ ᠬᠥᠮᠦᠵᠢᠯ ᠢ ᠬᠠᠷᠢᠯᠴᠠᠨ ᠤᠶᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠬᠤᠪᠢᠰᠬᠠᠯ ᠤᠨ ᠰᠣᠶᠣᠯ ᠲᠠᠢ ᠠᠭᠤᠰᠤᠯᠴᠠᠭᠤᠯᠤᠰᠠᠨ ᠬᠢᠴᠢᠶᠡᠯ ᠭᠠᠷᠭᠠᠵᠤ ᠬᠤᠪᠢᠰᠬᠠᠯ ᠤᠨ ᠰᠤᠷᠭᠠᠨ ᠬᠥᠮᠦᠵᠢᠯ ᠤᠨ ᠰᠢᠨ᠎ᠡ ᠵᠠᠭᠪᠤᠷ ᠢ ᠪᠠᠶᠢᠭᠤᠯᠤᠨ᠂ ᠬᠡᠦᠬᠡᠳ ᠠᠴᠠ ᠡᠬᠢᠯᠡᠨ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠨᠴᠠᠯᠢᠭ ᠢ ᠲᠣᠪᠤᠶᠢᠯᠭᠠᠨ᠂ ᠬᠥᠮᠥᠨ ᠢ ᠬᠥᠮᠥᠵᠢᠭᠦᠯᠬᠦ ᠮᠥᠨ ᠴᠢᠨᠠᠷ ᠢ ᠪᠠᠲᠤ ᠰᠠᠬᠢᠵᠤ᠂ ᠰᠤᠷᠤᠭᠴᠢᠳ ᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠳᠠᠭᠠᠭᠤᠯᠭ᠎ᠠ ᠳᠣᠣᠷ᠎ᠠ᠂ ︽ᠭᠠᠯ ᠤᠯᠠᠭᠠᠨ︾ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠨᠥᠯᠥᠭᠡᠯᠡᠯ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠡᠷᠳᠡᠮ ᠮᠡᠳᠡᠯᠬᠡ ᠰᠤᠷᠤᠯᠴᠠᠬᠤ ᠠᠯᠤᠰ ᠬᠡᠳᠦ ᠶᠢᠨ ᠵᠣᠷᠢᠯᠲᠠ ᠲᠠᠢ ᠪᠤᠯᠭᠠᠬᠤ ᠪᠠᠷ ᠴᠢᠠᠷᠮᠠᠶᠢᠵᠤ ᠪᠤᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ