ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠦᠳᠡᠯᠦᠬᠡ ᠨᠠᠰᠤᠨ ᠤ ᠠᠮᠢᠳᠤᠷᠠᠯ ᠤᠨ ᠪᠠᠳᠤᠯᠠᠭ᠎ᠠ
ᠨᠡᠶᠢᠲᠡᠯᠡᠭᠰᠡᠨ ᠴᠠᠭ᠄
2023/7/19
      ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠦᠷᠢᠮ ᠢ ᠳᠡᠬᠦᠯᠳᠡᠷᠵᠢᠬᠦᠯᠦᠨ ᠶᠠᠪᠤᠭᠳᠠᠭᠤᠯᠬᠤ ᠨᠢ ᠨᠠᠰᠤᠳᠠᠶᠢᠴᠤᠳ ᠤᠨ ᠦᠳᠡᠯᠦᠬᠡ ᠨᠠᠰᠤᠨ ᠤ ᠠᠮᠢᠳᠤᠷᠠᠯ ᠳᠤ ᠪᠠᠳᠤᠯᠠᠭ᠎ᠠ ᠬᠠᠩᠭᠠᠬᠤ ᠶᠢᠨ ᠰᠠᠭᠤᠷᠢ ᠮᠦᠨ᠃ 2009 ᠤᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠦᠳᠡᠭᠡ ᠳᠤᠰᠬᠤᠨ ᠤ ᠰᠢᠨ᠎ᠡ ᠬᠡᠯᠪᠡᠷᠢ ᠶᠢᠨ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠳᠤᠷᠰᠢᠯᠳᠠ ᠶᠢᠨ ᠴᠢᠭ ᠭᠠᠷᠭᠠᠵᠤ᠂ 2011 ᠤᠨ ᠳᠤ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠳᠤᠷᠰᠢᠯᠳᠠ ᠤᠨ ᠴᠢᠭ ᠢ ᠭᠠᠷᠭᠠᠵᠠᠢ᠃ 2014 ᠤᠨ ᠤ 2 ᠰᠠᠷ᠎ᠠ ᠳᠤ᠂ ᠪᠦᠬᠦ ᠤᠯᠤᠰ ᠲᠤ ᠨᠢᠬᠡᠳᠤᠯᠳᠡᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠤᠰᠤᠨ ᠳᠠᠭᠠᠳᠬᠠᠯ ᠤᠨ ᠲᠦᠷᠢᠮ  ᠢ ᠬᠡᠷᠡᠭᠵᠢᠬᠦᠯᠵᠡᠢ᠃ ᠮᠠᠨ ᠤ ᠤᠷᠤᠨ 2020 ᠤᠨ ᠳᠤ ᠬᠤᠳᠠ ᠬᠦᠳᠡᠭᠡ ᠶᠢᠨ ᠨᠠᠰᠤᠵᠢᠯ ᠤᠨ ᠳᠠᠭᠠᠳᠬᠠᠯ ᠤᠨ ᠲᠦᠷᠢᠮ ᠳᠤ ᠵᠠᠰᠠᠪᠤᠷᠢ ᠤᠷᠤᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤᠰᠢᠶᠠᠬᠤ ᠮᠦᠩᠬᠦ ᠶᠢ 200 ᠲᠦᠬᠦᠷᠢᠭ ᠠᠴᠠ 700 ᠲᠦᠬᠦᠷᠢᠭ ᠤᠨ ᠬᠤᠭᠤᠷᠤᠨᠳᠤ ᠪᠤᠯᠭᠠᠵᠤ 12 ᠳᠡᠰ ᠬᠤᠪᠢᠶᠠᠭᠰᠠᠨ ᠪᠠᠶᠢᠨ᠎ᠠ᠃
ᠢᠷᠡᠯᠲᠡ᠄ ︽NMTV ᠰᠤᠶᠤᠯ︾ ᠵᠢᠷᠬᠢᠶ᠎ᠡ ᠳᠠᠪᠴᠠᠩ