ᠪᠦᠬᠦ ᠤᠯᠤᠰ ᠤᠨ ᠡᠯ᠎ᠡ ᠭᠠᠵᠠᠷ ᠤᠨ ᠡᠮᠡᠭᠲᠡᠢ ᠠᠵᠤ ᠠᠬᠤᠶᠢᠯᠠᠯᠳᠠᠳ ᠳ᠋ᠦᠩᠱᠧᠩ ᠲᠤᠭᠤᠷᠢᠭ ᠲᠤ ᠢᠷᠡᠵᠤ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2023/7/20
     ᠠᠵᠤ     ᠠᠬᠤᠶᠢᠯᠠᠯᠲᠠᠨ ᠤ     ᠵᠣᠷᠢᠭ    ᠰᠠᠨᠠᠭ᠎ᠠ ᠶᠢ      ᠪᠠᠳᠠᠷᠠᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ    7 ᠰᠠᠷ᠎ᠠ ᠶᠢᠨ 19 ᠤ ᠡᠳᠦᠷ᠂ ᠪᠦᠬᠦ ᠤᠯᠤᠰ ᠤᠨ ᠡᠯ᠎ᠡ ᠭᠠᠵᠠᠷ ᠤᠨ ᠡᠮᠡᠭᠲᠡᠢ ᠠᠵᠤ ᠠᠬᠤᠶᠢᠯᠠᠯᠲᠠᠳ ᠡᠮᠡᠭᠲᠡᠢ ᠰᠢᠨᠵᠢᠯᠡᠬᠦ ᠤᠬᠠᠭᠠᠨᠳᠠᠳ ᠪᠠ ᠣᠷᠳᠣᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠳᠤ ᠣᠷᠣᠯᠴᠠᠭᠰᠠᠳ ᠣᠷᠳᠣᠰ ᠨᠣᠣᠯᠣᠭᠤᠷ ᠤᠨ ᠪᠦᠯᠦᠭᠯᠡᠯ ᠳᠤ ᠬᠦᠷᠴᠦ᠂ ᠤᠷᠢᠳ ᠬᠤᠵᠢᠳ ᠤᠯᠤᠰ ᠤᠨ ᠢᠮᠠᠭᠠᠨ ᠨᠣᠣᠯᠣᠭᠤᠷ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠨᠡᠬᠡᠮᠡᠯ ᠤᠨ ᠬᠤᠶᠠᠳᠤᠭᠠᠷ   ᠦᠢᠯᠡᠳᠪᠦᠷᠢ᠂ ᠣᠷᠳᠣᠰ ᠪᠦᠯᠦᠭᠯᠡᠯ ᠤᠨ ᠦᠵᠡᠰᠬᠦᠯᠡᠩ ᠤᠨ ᠣᠷᠳᠣᠨ ᠵᠡᠷᠭᠡ ᠭᠠᠵᠠᠷ ᠢᠶᠠᠷ ᠲᠣᠭᠤᠷᠢᠨ ᠦᠵᠡᠪᠡ᠃
1.jpg
2.jpg
3.jpg
     ᠲᠣᠭᠤᠷᠢᠨ ᠦᠵᠡᠬᠦ ᠶᠠᠪᠤᠴᠠ ᠳᠤ᠂ ᠡᠮᠡᠭᠲᠡᠢ ᠠᠵᠤ ᠠᠬᠤᠶᠢᠯᠠᠯᠲᠠᠳ ᠨᠤᠤᠯᠤᠭᠤᠷ ᠤᠨ ᠬᠠᠨᠲᠠᠭᠠᠰᠤ ᠦᠢᠯᠡᠳᠬᠦ ᠶᠠᠪᠤᠴᠠ᠂ ᠭᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠬᠦᠳᠦᠯᠳᠡ ᠵᠡᠷᠭᠡ ᠲᠠᠯ᠎ᠠ ᠪᠠᠷ ᠭᠦᠨᠵᠡᠭᠡᠢ ᠤᠶᠢᠯᠠᠭᠠᠪᠠ᠃ ᠴᠢᠨᠠᠷ ᠰᠠᠶᠢᠲᠠᠢ ᠨᠤᠤᠯᠤᠭᠤᠷ ᠤᠨ ᠪᠦᠲᠦᠭᠡᠭᠳᠡᠬᠦᠨ᠂ ᠲᠡᠷᠢᠭᠦᠨ ᠤ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠪᠣᠬᠢᠷᠲᠤᠯ ᠦᠭᠡᠢ ᠦᠷᠬᠦᠯᠵᠢᠯᠡᠬᠦᠶᠢᠴᠡ ᠬᠥᠭᠵᠢᠯᠲᠡ ᠶᠢᠨ ᠣᠨᠣᠯᠵᠢᠬᠤᠨ ᠵᠡᠷᠭᠡ ᠨᠢ ᠡᠮᠡᠭᠲᠡᠢ ᠠᠵᠤ ᠠᠬᠤᠶᠢᠯᠠᠯᠲᠠᠳ ᠤᠨ ᠠᠩᠬᠠᠷᠤᠯ ᠢ ᠲᠠᠲᠠᠪᠠ᠃
4.jpg
5.jpg
6.jpg
7.jpg
     ︽ᠪᠢ ᠶᠡᠬᠡᠳᠡ ᠭᠠᠶᠢᠬᠠᠨ ᠪᠢᠰᠢᠷᠡᠯ᠎ᠡ᠂ ᠣᠷᠳᠣᠰ ᠨᠤᠤᠯᠤᠭᠤᠷ ᠤᠨ ᠪᠦᠯᠦᠭᠯᠡᠯ ᠤᠨ ᠪᠦᠲᠦᠭᠡᠭᠳᠡᠬᠦᠨ ᠨᠢ ᠲᠠᠩ ᠴᠤᠯᠭᠤᠢ ᠪᠢᠰᠢ᠂ ᠬᠠᠷᠢᠨ ᠤᠯᠠᠨ ᠡᠰᠢᠵᠢᠭᠰᠡᠨ᠂ ᠴᠠᠭ ᠤᠨ ᠤᠷᠤᠰᠬᠠᠯ ᠢ ᠲᠠᠭᠠᠬᠰᠠᠨ ᠪᠠᠶᠢᠨ᠎ᠠ᠃ ᠣᠣᠮᠧᠨ ᠤ ᠰᠣᠨᠢᠨ ᠰᠡᠳᠬᠦᠯ ᠤᠨ ᠺᠤᠮᠫᠠᠨᠢ ᠶᠢᠨ ᠶᠡᠷᠦᠩᠬᠡᠢ ᠳᠠᠭᠠᠭᠠᠮᠠᠯ ᠪᠥᠭᠡᠳ ᠪᠦᠬᠦ ᠪᠥᠮᠪᠥᠷᠴᠡᠭ ᠤᠨ ᠡᠵᠡᠩᠨᠡᠯᠲᠡ ᠶᠢᠨ ᠶᠡᠷᠦᠩᠬᠡᠢ ᠬᠢᠨᠠᠭᠴᠢ ᠪᠣᠯᠤᠭᠰᠠᠨ ᠤ ᠬᠤᠪᠢ ᠳᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ︿ᠣᠷᠳᠣᠰ﹀ ᠤᠨ ᠬᠦᠭᠵᠢᠯᠳᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃                         — ᠳᠤᠮᠳᠠᠳᠤ    ᠤᠯᠤᠰ ᠤᠨ    ᠡᠮᠡᠭᠲᠡᠢ    ᠠᠵᠤ                              ᠠᠬᠤᠶᠢᠯᠠᠯᠲᠠᠨ ᠤ  ᠨᠡᠶᠢᠭᠡᠮᠯᠢᠭ ᠤᠨ ᠳᠡᠳ᠋ ᠳᠠᠷᠤᠭ᠎ᠠ    ᠯᠢ ᠱᠤ᠋ ᠶᠠᠨ
8.jpg
     ︽ᠣᠷᠳᠣᠰ ᠨᠤᠤᠯᠤᠭᠤᠷ ᠤᠨ ᠪᠦᠯᠦᠭᠯᠡᠯ ᠳᠤ ᠢᠷᠡᠵᠦ ᠲᠣᠭᠤᠷᠢᠨ ᠦᠵᠡᠭᠰᠡᠨ ᠮᠠᠨᠢ ᠮᠠᠰᠢ ᠠᠵᠠ ᠲᠠᠢ    ᠪᠠᠶᠢᠨ᠎ᠠ᠂ ᠨᠤᠤᠯᠤᠭᠤᠷ  ᠤᠨ ᠬᠠᠨᠲᠠᠭᠠᠰᠤ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢ ᠨᠠᠷᠢᠨ ᠤᠶᠢᠯᠠᠭᠠᠯ᠎ᠠ᠃ ᠠᠳᠡᠬᠢ ᠦᠢᠯᠡᠳᠪᠦᠷᠢᠯᠡᠯ ᠤᠨ ᠣᠳᠣᠬᠢᠴᠢᠯᠠᠯᠲᠠ ᠶᠢᠨ ᠬᠡᠮᠵᠢᠶ᠎ᠡ ᠮᠠᠰᠢ ᠥᠨᠳᠥᠷ ᠪᠠᠶᠢᠨ᠎ᠠ᠂ ᠲᠣᠭᠤᠷᠢᠨ ᠦᠵᠡᠬᠦ ᠪᠠᠷ ᠳᠠᠮᠵᠢᠭᠠᠳ ᠮᠠᠰᠢ ᠤᠯᠠᠨ ᠠᠰᠢᠭ ᠬᠦᠷᠳᠡᠯ᠎ᠡ᠂ ᠡᠨᠡ ᠤᠳᠠᠭᠠᠨ ᠤ ᠠᠶᠠᠯᠠᠯ ᠢᠶᠠᠨ ᠲᠠᠯᠠᠭᠠᠷ ᠦᠩᠬᠡᠷᠡᠬᠦᠯᠦᠭᠰᠡᠨ ᠦᠭᠡᠢ︾ ᠭᠡᠯ᠎ᠡ᠃                           — ᠪᠡᠭᠡᠵᠢᠩ    ᠬᠤᠲᠠ ᠶᠢᠨ    ᠡᠮᠡᠭᠲᠡᠢ   ᠠᠵᠤ                                ᠠᠬᠤᠶᠢᠯᠠᠯᠲᠠᠨ ᠤ ᠨᠡᠶᠢᠭᠡᠮᠯᠢᠭ ᠤᠨ ᠳᠡᠳ᠋ ᠳᠠᠷᠤᠭ᠎ᠠ    ᠢᠦᠢ ᠰᠢ ᠮᠧᠶ
9.jpg
     ︽ᠲᠤᠭᠤᠷᠢᠨ ᠦᠵᠡᠬᠦ ᠪᠠᠷ ᠳᠠᠮᠵᠢᠭᠠᠳ ᠮᠢᠨᠤ ᠢᠮᠠᠭᠠᠨ ᠨᠣᠯᠤᠤᠷ ᠤᠨ ᠪᠦᠲᠦᠭᠡᠭᠳᠡᠬᠦᠨ ᠤ ᠲᠤᠬᠠᠢ ᠤᠤᠯ ᠤᠨ ᠰᠡᠳᠬᠢᠬᠦᠢ ᠦᠭᠡᠷᠡᠴᠢᠯᠡᠭᠳᠡᠵᠤ᠂ ︿ᠣᠷᠳᠣᠰ﹀ ᠨᠡᠷᠡᠳᠤ ᠳᠡᠮᠳᠡᠭᠳᠤ ᠶᠢᠨ ᠲᠤᠬᠠᠢ ᠲᠠᠨᠢᠯᠲᠠ ᠬᠦᠨᠵᠡᠭᠡᠶᠢᠷᠡᠪᠡ᠂ ᠠᠮᠢ ᠠᠬᠤᠶᠢᠴᠢ ᠵᠢᠷᠤᠭ ᠳᠦᠰᠦᠪᠯᠡᠯ᠂ ᠪᠣᠬᠢᠷᠲᠤᠯ ᠦᠭᠡᠢ ᠤᠶᠢᠯᠡᠳᠪᠤᠷᠢᠯᠡᠯ ᠤᠨ ᠣᠶᠢᠯᠠᠭᠠᠭᠳᠠᠬᠤᠨ ᠢ ᠪᠢᠳᠡ ᠨᠡᠩ ᠢᠯᠡᠭᠦᠦ ᠰᠤᠷᠤᠯᠴᠠᠭᠤᠰᠢᠲᠠᠢ᠂ ᠬᠤᠶᠢᠰᠢᠳᠠ ᠠᠵᠠ ᠲᠣᠬᠢᠶᠠᠯ ᠲᠠᠢ ᠪᠣᠯ ᠮᠠᠨ ᠤ ᠱᠧᠨ᠋ᠶᠠᠩ ᠤᠨ ᠡᠮᠡᠭᠲᠡᠢ ᠠᠵᠤ ᠠᠬᠤᠶᠢᠯᠠᠯᠲᠠᠳ ᠤᠨ ᠪᠦᠯᠬᠦᠮ ᠢ ᠳᠠᠭᠠᠭᠤᠯᠤᠨ ᠳ᠋ᠦᠩᠱᠧᠩ ᠲᠣᠭᠤᠷᠢᠭ ᠲᠤ ᠢᠷᠡᠵᠤ ᠭᠦᠨᠵᠡᠭᠡᠢ ᠰᠤᠷᠤᠯᠴᠠᠨ ᠰᠣᠯᠢᠯᠴᠠᠬᠤ ᠶᠢ ᠬᠦᠰᠡᠵᠦ ᠪᠠᠶᠢᠨ᠎ᠠ︾ ᠭᠡᠪᠡ᠃                    — ᠱᠧᠨ᠋ᠶᠠᠩ   ᠬᠤᠲᠠ ᠶᠢᠨ   ᠡᠮᠡᠭᠲᠡᠢ   ᠠᠵᠤ                         ᠠᠬᠤᠶᠢᠯᠠᠯᠲᠠᠳ ᠤᠨ ᠨᠡᠶᠢᠭᠡᠮᠯᠢᠭ ᠤᠨ ᠳᠠᠷᠤᠭ᠎ᠠ    ᠵᠠᠢ ᠰᠢᠶᠣᠣ ᠰᠥᠩ
10.jpg
     ︽ᠡᠨᠡ ᠤᠳᠠᠭᠠᠨ ᠤ ᠲᠣᠭᠤᠷᠢᠨ ᠦᠵᠡᠬᠦ ᠪᠠᠷ ᠲᠠᠮᠵᠢᠨ᠂ᠥᠩᠭᠡᠷᠡᠭᠰᠡᠨ ᠤ ᠤᠯᠠᠮᠵᠢᠯᠠᠯᠲᠤ ᠨᠤᠤᠯᠤᠭᠤᠷ ᠤᠨ ᠬᠠᠨᠲᠠᠭᠠᠰᠤ ᠶᠢᠨ ᠶᠠᠩᠵᠤ ᠬᠡᠯᠪᠡᠷᠢ ᠶᠢᠨ ᠲᠤᠬᠠᠢ ᠮᠢᠨᠤ ᠬᠡᠪᠰᠢᠮᠡᠯ ᠦᠵᠡᠯᠳᠡ ᠶᠢ ᠬᠤᠪᠢᠷᠠᠭᠤᠯᠵᠤ᠂ ᠰᠢᠨ᠎ᠡ ᠡᠬᠦᠳᠦᠯᠳᠡ ᠶᠢᠨ ᠵᠣᠷᠢᠭ ᠰᠠᠨᠠᠭ᠎ᠠ ᠶᠢ ᠣᠶᠢᠯᠠᠭᠠᠪᠠ᠃ ᠪᠢ ᠦᠪᠡᠷ ᠢᠶᠠᠨ ᠬᠤᠪᠴᠠᠰᠤᠨ ᠤ ᠵᠢᠷᠤᠭ ᠳᠦᠰᠦᠪ ᠤᠨ ᠠᠵᠢᠯ ᠢ ᠬᠢᠵᠤ ᠪᠠᠶᠢᠨ᠎ᠠ᠂ ᠨᠡᠪᠳᠡᠷᠡᠯᠴᠡᠭᠡ ᠪᠠᠨ ᠴᠢᠩᠭᠠᠳᠬᠠᠬᠤ ᠪᠠᠷ ᠲᠠᠮᠵᠢᠨ ᠬᠠᠮᠳᠤᠷᠠᠯᠴᠠᠭ᠎ᠠ ᠬᠢᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃                  — ᠱᠠᠨᠳᠦ᠋ᠩ ᠮᠤᠵᠢ ᠶᠢᠨ ᠡᠮᠡᠭᠲᠡᠢ ᠠᠵᠤ ᠠᠬᠤᠶᠢᠯᠠᠯᠲᠠᠳ ᠤᠨ                      ᠨᠡᠶᠢᠭᠡᠮᠯᠢᠭ ᠤᠨ    ᠨᠠᠷᠢᠨ    ᠪᠢᠴᠢᠭ ᠤᠨ     ᠳᠠᠷᠤᠭ᠎ᠠ    ᠯᠢ ᠳ᠋ᠡ
11.jpg
     ︽ᠥᠨᠥᠳᠥᠷ᠂ ᠪᠥᠬᠦ ᠤᠯᠤᠰ ᠤᠨ ᠡᠯ᠎ᠡ ᠭᠠᠵᠠᠷ ᠤᠨ ᠡᠮᠡᠭᠲᠡᠢ ᠠᠵᠤ ᠠᠬᠤᠶᠢᠯᠠᠯᠳᠠᠳ ᠣᠷᠳᠣᠰ ᠨᠤᠤᠯᠤᠭᠤᠷ  ᠤᠨ ᠪᠦᠯᠦᠭᠯᠡᠯ ᠳᠤ ᠬᠦᠷᠴᠦ᠂ ᠮᠠᠨ ᠤ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠬᠠᠷᠠᠯ᠎ᠠ᠃ ᠲᠤᠰ ᠭᠠᠵᠠᠷ ᠤᠨ ᠡᠮᠡᠭᠲᠡᠢ ᠠᠵᠤ ᠠᠬᠤᠶᠢᠯᠠᠯᠲᠠᠨ᠂ ᠰᠢᠨ᠎ᠡ ᠴᠠᠭ ᠦᠶ᠎ᠡ ᠶᠢᠨ ᠠᠵᠤ ᠠᠬᠤᠶᠢᠯᠠᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠪᠢᠳᠡ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ︾ ᠭᠡᠵᠦ ᠬᠡᠯᠡᠪᠡ᠃                         — ᠳ᠋ᠦᠩᠱᠧᠩ ᠲᠣᠭᠤᠷᠢᠭ ᠤᠨ ᠡᠮᠡᠭᠲᠡᠢ ᠠᠵᠤ                              ᠠᠬᠤᠶᠢᠯᠠᠯᠲᠠᠨ ᠤ ᠨᠡᠶᠢᠭᠡᠮᠯᠢᠭ ᠤᠨ ᠳᠠᠷᠤᠭ᠎ᠠ    ᠵᠠᠩ ᠯᠢ ᠷᠦᠩ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ