ᠳᠠᠮᠤᠷ ᠵᠠᠮ ᠤᠨ ᠰᠠᠯᠠᠭ᠎ᠠ ᠮᠦᠴᠢᠷ ᠤᠨ ᠰᠢᠨ᠎ᠡ ᠳᠤᠭᠳᠠᠭᠠᠯ ᠢ ᠦᠨᠳᠤᠰᠤᠯᠡᠪᠡᠯ 7 ᠰᠠᠷ᠎ᠠ ᠶᠢᠨ 20 ᠤ | ᠡᠳᠤᠷ ᠠᠴᠠ ᠬᠡᠤᠬᠡᠳ ᠪᠠᠭᠠᠴᠤᠳ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠷ ᠢᠶᠠᠨ ᠭᠠᠯᠳᠤ ᠳᠡᠷᠬᠡᠨ ᠳᠤ | ᠰᠠᠭᠤᠨ᠎ᠠ᠃ | ᠳᠠᠮᠤᠷ ᠵᠠᠮ ᠤᠨ ᠰᠠᠯᠠᠭ᠎ᠠ ᠮᠦᠴᠢᠷ ᠤᠳᠤᠬᠠᠨ ᠳᠤ ᠬᠡᠤᠬᠡᠳ ᠤᠨ ᠪᠢᠯᠧᠲ ᠢ ᠨᠠᠰᠤ ᠵᠢᠯ ᠢᠶᠠᠷ ᠨᠢ | ᠵᠠᠭᠠᠭᠯᠠᠨ ᠳᠤᠭᠳᠠᠭᠠᠵᠤ᠂ ᠬᠡᠷ ᠤᠨ ᠠᠬᠠᠮᠳ ᠪᠦᠬᠦᠯᠢ 6 ᠨᠠᠰᠤ ᠬᠦᠷᠦᠬᠡᠳᠤᠢ ᠨᠢᠬᠡ ᠯᠠ ᠬᠡᠤᠬᠡᠳ ᠢ ᠳᠠᠭᠠᠭᠤᠯᠤᠨ | ᠤᠷᠤ ᠡᠵᠡᠯᠡᠬᠦ ᠦᠬᠡᠢ ᠰᠦᠢᠳᠬᠡᠯ ᠳᠤᠰᠢᠶᠠᠬᠤ ᠦᠬᠡᠢ ᠪᠠᠷ ᠭᠠᠯᠳᠤ ᠳᠡᠷᠬᠡᠨ ᠳᠤ ᠰᠠᠭᠤᠵᠤ ᠪᠤᠯᠤᠨ᠎ᠠ᠂ ᠨᠢᠬᠡ | ᠠᠴᠠ ᠳᠡᠬᠡᠭᠰᠢ ᠬᠡᠤᠬᠡᠳ ᠳᠠᠭᠠᠭᠤᠯᠪᠠᠯ ᠪᠢᠯᠧᠲ ᠬᠤᠳᠠᠯᠳᠤᠨ ᠠᠪᠤᠨ᠎ᠠ᠃ 6 ᠪᠦᠬᠦᠯᠢ ᠨᠠᠰᠤ ᠠᠴᠠ 14 ᠪᠦᠬᠦᠯᠢ | ᠨᠠᠰᠤ ᠬᠦᠷᠦᠬᠡᠳᠤᠢ ᠬᠡᠤᠬᠡᠳ ᠲᠤ ᠬᠡᠤᠬᠡᠳ ᠤᠨ ᠪᠢᠯᠧᠲ ᠬᠤᠳᠠᠯᠳᠤᠨ ᠠᠪᠬᠤ ᠬᠡᠷᠡᠭᠳᠡᠢ᠃ | ᠬᠡᠤᠬᠡᠳ ᠤᠨ ᠬᠠᠷᠠᠭᠠᠯᠵᠠᠯ ᠤᠨ ᠪᠢᠯᠧᠲ ᠢ ᠬᠡᠷᠬᠢᠨ ᠬᠤᠳᠠᠯᠳᠤᠨ ᠠᠪᠬᠤ ᠪᠤᠢ︖ | ᠬᠡᠤᠬᠡᠳ ᠤᠨ ᠪᠢᠯᠧᠲ ᠢ ᠬᠤᠳᠠᠯᠳᠤᠨ ᠠᠪᠬᠤ ᠳᠤ ᠡᠷᠬᠡᠪᠰᠢ ᠬᠡᠤᠬᠡᠳ ᠤᠨ ᠬᠤᠪᠢ ᠬᠦᠮᠦᠨ ᠤ ᠬᠦᠴᠦᠨ | ᠪᠦᠬᠦᠢ ᠪᠡᠶ᠎ᠡ ᠶᠢᠨ ᠦᠨᠡᠮᠯᠡᠯ ᠢ ᠬᠡᠷᠡᠭᠯᠡᠬᠦ ᠬᠡᠷᠡᠭᠳᠡᠢ ᠪᠦᠬᠡᠳ ᠳᠤᠰ ᠬᠡᠤᠬᠡᠳ ᠪᠠ ᠬᠡᠷ ᠤᠨ ᠠᠬᠠᠮᠠᠳ ᠨᠢ ᠴᠦᠮ | ᠬᠤᠪᠢ ᠬᠦᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠷ ᠢᠶᠠᠨ ᠦᠷᠳᠡᠬᠡᠨ ᠳᠤ ᠤᠷᠤᠵᠤ ᠳᠡᠷᠬᠡᠨ ᠳᠤ | ᠰᠠᠭᠤᠨ᠎ᠠ᠃ ᠬᠡᠤᠬᠡᠳ ᠢᠶᠠᠨ ᠰᠦᠢᠳᠬᠡᠯ ᠦᠬᠡᠢ ᠪᠠᠷ ᠳᠡᠷᠬᠡᠨ ᠳᠤ ᠰᠠᠭᠤᠯᠭᠠᠬᠤ ᠬᠡᠪᠡᠯ ᠬᠡᠷ ᠤᠨ ᠠᠬᠠᠮᠠᠳ ᠠᠴᠠ | ᠪᠢᠯᠧᠲ ᠬᠤᠳᠠᠯᠳᠤᠨ ᠠᠪᠬᠤ ᠳᠤ ᠪᠠᠨ ᠤᠷᠢᠳᠴᠢᠯᠠᠨ ᠡᠷᠡᠮᠡᠯᠵᠡᠯᠬᠦ ᠬᠡᠷᠡᠭᠳᠡᠢ᠃ | | ᠬᠡᠤᠬᠡᠳ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠳᠤ ᠶᠠᠭᠤ ᠶᠠᠭᠤ ᠪᠠᠭᠳᠠᠬᠤ ᠪᠤᠢ︖ | ᠬᠡᠤᠬᠡᠳ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ᠄ | ★ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ | ᠲᠦᠷ ᠴᠠᠭ ᠤᠨ ᠪᠡᠶ᠎ᠡ ᠶᠢᠨ ᠦᠨᠡᠮᠯᠡᠯ ᠢ ᠪᠠᠭᠳᠠᠭᠠᠨ᠎ᠠ︶ | ★ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠳᠡᠷ | ★ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠠᠰᠫᠤᠷᠲ | ★ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠤᠷᠤᠵᠤ ᠭᠠᠷᠬᠤ ᠦᠨᠡᠮᠯᠡᠯ | ★ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠦᠨᠡᠮᠯᠡᠯ | ★ ᠰᠠᠶ᠋ᠢ ᠲᠦᠷᠦᠭᠰᠡᠨ ᠬᠡᠤᠬᠡᠳ ᠤᠨ ᠠᠨᠠᠭᠠᠬᠤ ᠤᠬᠠᠭᠠᠨ ᠤ ᠬᠡᠷᠡᠴᠢᠯᠡᠯ | ★ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷᠭᠠᠭᠰᠠᠨ ᠳᠡᠷᠬᠡᠨ ᠳᠤ ᠰᠠᠭᠤᠬᠤ ᠲᠦᠷ ᠴᠠᠭ ᠤᠨ ᠪᠡᠶ᠎ᠡ | ᠶᠢᠨ ᠦᠨᠡᠮᠯᠡᠯ | ★ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠶᠠᠩᠭᠠᠩ ᠤᠤᠮᠸᠠ ᠤ ᠰᠠᠭᠤᠭᠠᠯᠢ ᠠᠷᠠᠳ ᠤᠨ | ᠤᠷᠤᠰᠢᠨ ᠰᠠᠭᠤᠬᠤ ᠦᠨᠡᠮᠯᠡᠯ | ★ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠶᠢᠸᠠᠨ ᠤ ᠰᠠᠭᠤᠭᠠᠯᠢ ᠠᠷᠠᠳ ᠤᠨ ᠤᠷᠤᠰᠢᠨ | ᠰᠠᠭᠤᠬᠤ ᠦᠨᠡᠮᠯᠡᠯ | ★ ᠰᠢᠶᠠᠩᠭᠠᠩ ᠤᠤᠮᠸᠠ ᠤ ᠰᠠᠭᠤᠭᠠᠯᠢ ᠠᠷᠠᠳ ᠤᠨ ᠳᠤᠳᠤᠷ᠎ᠠ ᠭᠠᠵᠠᠷ ᠢᠶᠠᠷ ᠶᠠᠪᠤᠵᠤ ᠰᠠᠭᠤᠬᠤ ᠦᠨᠡᠮᠯᠡᠯ | ★ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠳᠠᠶᠢᠸᠠᠨ ᠳᠤ ᠶᠠᠪᠤᠵᠤ ᠰᠠᠭᠤᠬᠤ ᠦᠨᠡᠮᠯᠡᠯ | ★ ᠳᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠳᠤ ᠢᠷᠡᠵᠤ ᠶᠠᠪᠤᠬᠤ ᠦᠨᠡᠮᠯᠡᠯ | ★ ᠭᠠᠳᠠᠭᠠᠳᠤ ᠶᠢᠨ ᠬᠦᠮᠦᠨ ᠤ ᠤᠷᠤᠰᠢᠨ ᠰᠠᠭᠤᠬᠤ ᠪᠡᠶ᠎ᠡ ᠶᠢᠨ ᠦᠨᠡᠮᠯᠡᠯ | ★ ᠭᠠᠳᠠᠭᠠᠳᠤ ᠶᠢᠨ ᠬᠦᠮᠦᠨ ᠤ ᠫᠠᠰᠫᠤᠷᠲ | ★ ᠭᠠᠳᠠᠭᠠᠳᠤ ᠶᠢᠨ ᠬᠦᠮᠦᠨ ᠤ ᠬᠢᠯᠢ ᠪᠠᠷ ᠤᠷᠤᠵᠤ ᠭᠠᠷᠬᠤ ᠦᠨᠡᠮᠯᠡᠯ | ᠬᠡᠷᠪᠡ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠬᠤ ᠪᠠᠨ ᠮᠠᠷᠳᠠᠭᠰᠠᠨ ᠪᠤᠯ ᠶᠠᠭᠠᠬᠢᠬᠤ ᠪᠤᠢ︖ | ᠳᠡᠷᠬᠡᠨ ᠳᠤ ᠰᠠᠭᠤᠬᠤ ᠦᠶᠡᠰ ᠬᠡᠷᠪᠡ ᠬᠡᠤᠬᠡᠳ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ | ᠮᠠᠷᠳᠠᠭᠰᠠᠨ ᠪᠤᠶᠤ ᠬᠡᠬᠡᠭᠰᠡᠨ ᠪᠠᠶᠢᠪᠠᠯ ᠳᠡᠷᠬᠡᠨ ᠦᠷᠳᠡᠬᠡᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠡᠶ᠎ᠡ | ᠶᠢᠨ ᠦᠨᠡᠮᠯᠡᠯ ᠬᠢᠬᠦ ᠭᠠᠵᠠᠷ ᠪᠤᠶᠤ ᠦᠪᠡᠷᠳᠡᠬᠡᠨ ᠪᠢᠯᠧᠲ ᠬᠤᠳᠠᠯᠳᠤᠨ ᠠᠪᠬᠤ ᠮᠠᠰᠢᠨ ᠳᠡᠬᠡᠷ᠎ᠡ ᠲᠦᠷ ᠴᠠᠭ ᠤᠨ | ᠪᠡᠶ᠎ᠡ ᠶᠢᠨ ᠦᠨᠡᠮᠯᠡᠯ ᠢ ᠬᠢᠯᠬᠡᠵᠤ ᠪᠤᠯᠤᠨ᠎ᠠ᠃ ᠨᠢᠬᠡᠨᠳᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠡᠶ᠎ᠡ ᠶᠢᠨ ᠦᠨᠡᠮᠯᠡᠯ ᠢ ᠬᠦᠢᠴᠡᠳᠬᠡᠭᠰᠡᠨ ᠨᠠᠰᠤᠨ ᠳᠤ ᠦᠯᠦ ᠬᠦᠷᠦᠭᠰᠡᠳ12306APP ᠢ ᠠᠰᠢᠭᠯᠠᠨ ᠲᠦᠷ | ᠴᠠᠭ ᠤᠨ ᠳᠡᠷᠬᠡᠨ ᠳᠤ ᠰᠠᠭᠤᠬᠤ ᠡᠯᠧᠺᠲᠷᠤᠨ ᠪᠡᠶ᠎ᠡ ᠶᠢᠨ ᠦᠨᠡᠮᠯᠡᠯ ᠬᠢᠯᠬᠡᠵᠤ ᠪᠤᠯᠤᠨ᠎ᠠ᠃ | ᠠᠩᠬᠠᠷᠬᠤ ᠵᠦᠢᠯ᠄ ᠪᠡᠶ᠎ᠡ ᠶᠢᠨ ᠦᠨᠡᠮᠯᠡᠯ ᠤᠨ ᠭᠠᠷ ᠬᠦᠢᠴᠡᠳᠬᠡᠯ ᠬᠢᠵᠤ ᠦᠩᠬᠡᠷᠡᠭᠰᠡᠨ ᠦᠬᠡᠢ ᠬᠡᠤᠬᠡᠳ | ᠦᠷᠳᠡᠬᠡᠨ ᠤ ᠪᠡᠶ᠎ᠡ ᠶᠢᠨ ᠦᠨᠡᠮᠯᠡᠯ ᠬᠢᠬᠦ ᠭᠠᠵᠠᠷ ᠠᠴᠠ ᠲᠦᠷ ᠴᠠᠭ ᠤᠨ ᠪᠡᠶ᠎ᠡ ᠶᠢᠨ ᠦᠨᠡᠮᠯᠡᠯ ᠠᠪᠴᠤ ᠪᠤᠯᠬᠤ | ᠦᠬᠡᠢ᠃ |