【ᠵᠤᠯ ᠵᠢᠷᠭᠠᠯᠳᠤ ᠳ᠋ᠦᠩᠱᠧᠩ ᠤᠨ ᠪᠠᠶᠠᠷ ᠵᠢᠷᠭᠠᠯᠳᠤ ᠠᠷᠠᠳ ᠤᠨ ᠠᠮᠢᠳᠤᠷᠠᠯ】500 ᠲᠦᠮᠡᠨ ᠲᠥᠭᠦᠷᠢᠭ ᠤᠨ ︽ᠢᠮᠠᠭᠠᠨ︾ ᠤ ᠲᠦᠷᠦᠯ ᠵᠦᠢᠯ ᠬᠦᠷᠴᠦ ᠢᠷᠡᠯ᠎ᠠ︕
ᠨᠡᠶᠢᠲᠡᠯᠡᠭᠰᠡᠨ ᠴᠠᠭ᠄
2023/7/25
     ᠣᠷᠳᠣᠰ ᠬᠤᠲᠠ ᠶᠢᠨ ᠯᠢᠩ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠰᠤᠩᠳᠦᠢ ᠲᠣᠰᠬᠤᠨ ᠳᠤ ᠪᠦᠲᠦᠭᠡᠨ ᠪᠠᠶᠢᠭᠤᠯᠤᠭᠰᠠᠨ ᠠᠷᠪᠠᠰ ᠤᠨ ᠴᠠᠭᠠᠨ ᠨᠣᠯᠤᠥᠷ ᠤᠨ ᠢᠮᠠᠭ᠎ᠠ ᠶᠢ ᠲᠡᠵᠢᠭᠡᠨ ᠦᠷᠡᠵᠢᠭᠦᠯᠬᠦ ᠲᠦᠷᠦᠯ ᠵᠤᠶᠢᠯ ᠤᠨ ᠨᠢᠭᠡᠳᠦᠭᠡᠷ ᠬᠤᠭᠤᠴᠠᠭ᠎ᠠ ᠨᠢ 26000 ᠭᠠᠷᠤᠢ ᠲᠡᠭᠰᠢ ᠳᠥᠷᠪᠡᠯᠵᠢᠨ ᠮᠧᠲᠷ ᠭᠠᠵᠠᠷ ᠢ ᠡᠵᠡᠯᠡᠨ᠂ ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠪᠠᠶᠢᠵᠤ᠂ 6 ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠰᠠᠷᠠᠪᠴᠢ᠂ 1 ᠲᠡᠵᠢᠭᠡᠯ ᠪᠣᠷᠳᠤᠭ᠎ᠠ ᠡᠳ᠋ᠰᠢᠭᠦᠯᠬᠦ ᠬᠥᠮᠥᠷᠭᠡ ᠪᠠᠶᠢᠭᠤᠯᠵᠤ᠂ ᠵᠢᠱᠢᠯᠲᠡ ᠪᠠᠷ ᠠᠩᠬᠠᠨ ᠤ ᠪᠦᠯᠦᠭ ᠤᠨ ᠴᠢᠨᠠᠷ ᠰᠠᠶᠢᠲᠠᠢ ᠠᠷᠪᠠᠰ ᠤᠨ ᠴᠠᠭᠠᠨ ᠨᠣᠯᠤᠥᠷ ᠤᠨ ᠢᠮᠠᠭ᠎ᠠ ᠶᠢ 1000 ᠭᠠᠷᠤᠢ ᠤᠷᠤᠭᠤᠯᠤᠨ ᠠᠪᠴᠢᠷᠠᠬᠤ ᠪᠣᠯᠣᠨ᠎ᠠ᠃
2.jpg
4.jpg
6.jpg
     ︽ᠣᠳᠣᠬᠠᠨ ᠳᠤ᠂ ᠮᠠᠨ ᠤ ᠠᠷᠪᠠᠰ ᠤᠨ ᠴᠠᠭᠠᠨ ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢᠭᠡᠨᠲᠡ ᠶᠡᠷᠦᠩᠬᠡᠢ ᠢᠨᠵᠧᠨᠧᠷᠢᠩ ᠤᠨ 80% ᠶᠢ ᠪᠡᠶᠡᠯᠡᠭᠦᠯᠵᠦ᠂ ᠵᠢᠱᠢᠯᠲᠡ ᠪᠠᠷ 10 ᠰᠠᠷ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠵᠤ᠂ ᠴᠢᠨᠠᠷ ᠰᠠᠶᠢᠲᠠᠢ ᠠᠷᠪᠠᠰ ᠤᠨ ᠴᠠᠭᠠᠨ ᠨᠣᠯᠤᠤᠷ ᠤᠨ ᠢᠮᠠᠭ᠎ᠠ ᠶᠢ ᠣᠷᠣᠭᠤᠯᠤᠨ ᠠᠪᠴᠢᠷᠠᠵᠤ ᠡᠭᠦᠯᠳᠡᠷ ᠪᠣᠶᠢᠵᠢᠭᠤᠯᠬᠤ ᠠᠵᠢᠯ ᠢᠶᠠᠨ ᠡᠬᠢᠯᠡᠬᠦᠯᠦᠨ᠎ᠡ᠃ ᠲᠥᠷᠥᠯ ᠵᠦᠢᠯ ᠢ ᠬᠡᠷᠡᠭᠵᠢᠬᠦᠯᠦᠭᠰᠡᠨ ᠤ ᠳᠠᠷᠠᠭ᠎ᠠ᠂ ᠪᠢᠳᠡ ᠲᠣᠰᠬᠤᠨ ᠤ ᠬᠠᠮᠲᠤ ᠨᠡᠶᠢᠲᠡ ᠯᠦᠭᠡ ᠠᠵᠤ ᠠᠬᠤᠢ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠠᠩ ᠣᠯᠠᠨ ᠠᠵᠤ ᠠᠬᠤᠢ ᠶᠢᠨ ᠣᠷᠣᠯᠭ᠎ᠠ ᠶᠢ ᠡᠭᠦᠳᠴᠦ᠂ ᠲᠣᠰᠬᠤᠨ ᠤ ᠠᠷᠠᠳ ᠲᠤ ᠨᠠᠩ ᠣᠯᠠᠨ ᠠᠵᠤ ᠦᠢᠯᠡᠰ ᠤᠨ ᠠᠰᠠᠷᠠᠮᠵᠢ ᠶᠢ ᠡᠳ᠋ᠯᠡᠭᠦᠯᠦᠨ᠎ᠡ︾ ᠭᠡᠵᠤ ᠬᠡᠯᠡᠪᠡ᠃                                      — ᠣᠷᠳᠣᠰ ᠬᠤᠳᠠ ᠶᠢᠨ ᠯᠢᠩ ᠰᠢᠶᠠᠨ ᠲᠠᠷᠢᠶᠠᠯᠠᠩ ᠮᠠᠯ ᠠᠵᠤ ᠠᠬᠤᠢ ᠶᠢᠨ                                            ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ      ᠵᠠᠩ ᠶᠢᠨ ᠺᠦᠢ
7.jpg
9.jpg
    ᠲᠣᠰ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠳ᠋ᠦᠩᠱᠧᠩ ᠵᠢᠴᠢ ᠡᠷᠭᠢᠨ ᠲᠣᠭᠤᠷᠢᠨ ᠤ ᠠᠷᠪᠠᠰ ᠤᠨ ᠴᠠᠭᠠᠨ ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠡᠷᠦᠬᠡ ᠳᠤ ᠴᠢᠨᠠᠷ ᠰᠠᠶᠢᠲᠠᠢ ᠠᠷᠪᠠᠰ ᠤᠨ ᠴᠠᠭᠠᠨ ᠨᠣᠯᠤᠤᠷ ᠤᠨ ᠢᠮᠠᠭᠠᠨ ᠤ ᠡᠭᠦᠯᠳᠡᠷ ᠬᠠᠩᠭᠠᠵᠤ᠂ ᠨᠠᠩ ᠣᠯᠠᠨ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠠᠷᠪᠠᠰ ᠤᠨ ᠴᠠᠭᠠᠨ ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠠᠵᠢᠯ ᠢ ᠦᠷᠨᠢᠬᠦᠯᠦᠨ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠠᠳᠤᠯᠠᠨ᠎ᠠ᠃ ᠡᠭᠦᠨ ᠤ ᠵᠡᠷᠭᠡ ᠳᠤ᠂ ᠰᠠᠭᠤᠷᠢᠨ ᠭᠠᠵᠠᠷ ᠥᠪᠡᠷ ᠢᠶᠠᠨ ᠲᠡᠵᠢᠭᠡᠯ ᠪᠣᠷᠳᠤᠭ᠎ᠠ ᠦᠢᠯᠡᠳᠪᠦᠷᠢᠯᠡᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠤᠨ ᠳᠠᠷᠢᠶᠠᠴᠢᠳ ᠠᠴᠠ ᠲᠠᠷᠢᠮᠠᠯ ᠤᠨ ᠲᠡᠵᠢᠭᠡᠯ ᠪᠣᠷᠳᠤᠭ᠎ᠠ ᠬᠤᠳᠠᠯᠳᠤᠨ ᠠᠪᠬᠤ ᠪᠠᠨ ᠨᠡᠮᠡᠭᠳᠡᠭᠦᠯᠵᠦ᠂ ᠡᠷᠬᠢᠨ ᠲᠣᠭᠤᠷᠢᠨ ᠤ ᠲᠠᠷᠢᠶᠠᠴᠢᠳ ᠤᠨ ᠣᠷᠣᠯᠭ᠎ᠠ ᠤᠯᠬᠤ ᠳᠤ ᠬᠦᠴᠦᠨ ᠨᠡᠮᠡᠷᠢᠯᠡᠨ᠎ᠡ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠭᠤᠣᠯᠳᠠᠯᠭ᠎ᠠ ᠮᠥᠨ᠂ ᠠᠷᠪᠠᠰ ᠤᠨ ᠴᠠᠭᠠᠨ ᠨᠣᠯᠤᠤᠷ ᠤᠨ ᠢᠮᠠᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠡᠷᠴᠢᠮᠵᠢᠭᠰᠡᠨ᠂ ᠲᠤᠰᠬᠠᠶᠢᠵᠢᠭᠰᠠᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ