ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ —  ᠵᠢᠷᠭᠤᠳᠤᠭᠠᠷ ᠰᠠᠷ᠎ᠠ
ᠨᠡᠶᠢᠲᠡᠯᠡᠭᠰᠡᠨ ᠴᠠᠭ᠄
2023/7/3
    6 ᠰᠠᠷ᠎ᠠ ᠶᠢᠨ 2 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ  ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠤᠷᠢᠳ ᠬᠤᠵᠢᠳ ᠢ ᠯᠢ ᠰᠢᠨ᠎ᠡ ᠡᠨᠧᠷᠭᠢ᠂ ᠵᠥᠩ ᠴᠧ ᠮᠠᠰᠢᠨ ᠤᠶᠢᠯᠡᠳᠬᠦ᠂ ᠭᠦᠸᠧ ᠱᠧᠩ ᠯᠢ ᠬᠤᠸᠠ ᠤᠰᠤᠲᠥ᠋ᠷᠥᠭᠴᠢ ᠦᠢᠯᠡᠳᠬᠦ᠂ ᠵᠥᠩ ᠴᠧ ᠲᠣᠮᠣ ᠬᠡᠯᠪᠡᠷᠢ ᠶᠢᠨ ᠨᠠᠪᠴᠢᠨ ᠢᠯᠳᠠᠰᠤ ᠦᠢᠯᠡᠳᠬᠦ᠂ ᠸᠧ ᡁᠢ ᠨᠡᠬᠦᠷᠡᠰᠦᠳᠦ᠋ᠷᠦᠭᠴᠢᠳᠤ  ᠶᠢᠨ ᠮᠠᠲ᠋ᠧᠷᠢᠶᠠᠯ᠂ ᠢ ᠫᠠᠢ ᠤᠰᠤᠳᠦ᠋ᠷᠦᠭᠴᠢ ᠡᠨᠧᠷᠬᠢ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠵᠢᠴᠢ ᠬᠡᠰᠡᠭ ᠵᠠᠩᠬᠢᠯᠠᠭ᠎ᠠ ᠴᠢᠭ ᠤᠨ ᠨᠤᠭᠤᠭᠠᠷᠠᠭᠤᠯᠤᠯᠳᠠ ᠶᠢ ᠦᠬᠡᠷᠡᠴᠢᠯᠡᠬᠦ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠤᠬᠠᠶ ᠶᠢᠨ ᠲᠠᠯᠠᠪᠠᠶ ᠳᠤ ᠲᠣᠬᠢᠷᠠᠭᠤᠯᠤᠯᠲᠠ ᠬᠢᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃    6 ᠰᠠᠷ᠎ᠠ ᠶᠢᠨ 5 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠢᠶ᠎ᠠ ᠪᠥᠬᠦᠶ ᠠᠵᠢᠯ ᠢ ᠰᠤᠳᠤᠯᠵᠤ᠂ ᠳ᠋ᠦᠩᠱᠧᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢᠨ ᠲᠥᠰᠦᠯ ᠪᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ︵ᠵᠢᠩ ᠤᠣ ᠲᠥᠷᠥᠯ ᠵᠦᠢᠯ︶ ᠤᠨ ᠤᠰᠤ ᠬᠠᠩᠭᠠᠬᠤ ᠰᠢᠰᠲ᠋ᠧᠮ ᠤᠨ ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    6 ᠰᠠᠷ᠎ᠠ ᠶᠢᠨ 5 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠠᠨᠳᠠᠢ ᠪᠠᠯᠭᠠᠰᠤᠨ ᠳᠤ ᠭᠦᠨᠵᠡᠭᠡᠶᠢᠷᠡᠨ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃    6 ᠰᠠᠷ᠎ᠠ ᠶᠢᠨ 6 ᠤ ᠡᠳᠦᠷ᠂ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ᠂ ᠳ᠋ᠦᠡᠭᠱᠸᠡᠭ ᠲᠤᠭᠤᠷᠢᠭ ᠤᠷᠳᠤᠰ ᠤᠨ ᠴᠠᠬᠢᠯᠭᠠᠨ ᠬᠠᠩᠭᠠᠬᠤ ᠺᠤᠮᠫᠠᠨᠢ ᠲᠠᠢ ᠬᠠᠮᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠳᠠ ᠶᠢᠨ ᠭᠦᠭᠵᠢᠯᠳᠡ᠂ ᠭᠦᠷᠢᠶᠠᠯᠠᠩ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠭᠤᠤᠯᠳᠠᠯᠭ᠎ᠠ ᠲᠠᠢ ᠲᠦᠷᠦᠯ ᠵᠦᠢᠯ ᠤᠨ ᠴᠠᠭᠢᠯᠭᠠᠨ ᠭᠦᠴᠦᠨ ᠤ ᠬᠠᠨᠭ᠍ᠭᠠᠯᠭ᠎ᠠ ᠶᠢ ᠪᠠᠳᠤᠯᠠᠬᠤ ᠵᠡᠷᠭᠡ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠣᠷᠣᠯᠴᠠᠪᠠ᠃    6 ᠰᠠᠷ᠎ᠠ ᠶᠢᠨ 6 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    6 ᠰᠠᠷ᠎ᠠ ᠶᠢᠨ 6 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2023 ᠣᠨ ᠤ 13 ᠳ᠋ᠤᠭᠠᠷ  ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     6 ᠰᠠᠷ᠎ᠠ ᠶᠢᠨ 7 ᠤ ᠡᠳᠤᠷ᠂ ᠳ᠋ᠦᠡᠭᠱᠸᠡᠭ ᠲᠤᠭᠤᠷᠢᠭ ᠵᠢᠷᠭᠤᠳᠤᠭᠠᠷ ᠬᠤᠭᠤᠴᠠᠭᠠᠨ ᠤ ᠲᠤᠮᠳᠠᠳᠤ ᠤᠯᠤᠰ ︵ᠤᠷᠳᠤᠰ︶ ᠤᠨ ᠤᠯᠠᠨ ᠤᠯᠤᠰ ᠤᠨ ᠨᠤᠤᠰᠤ ᠨᠤᠤᠯᠤᠭᠤᠷ ᠤᠨ ᠪᠦᠳᠦᠬᠡᠭᠳᠡᠬᠦᠨ ᠤ ᠦᠵᠡᠰᠭᠦᠯᠡᠩ ᠤᠨ ᠪᠡᠯᠡᠳᠭᠡᠯ ᠠᠵᠢᠯ ᠢ ᠲᠤᠬᠢᠷᠠᠭᠤᠯᠬᠤ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠤᠳᠠ ᠶᠢᠨ ᠠᠷᠠᠯᠵᠢᠶ᠎ᠠ ᠠᠬᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃    6 ᠰᠠᠷ᠎ᠠ ᠶᠢᠨ 12 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠲᠠ ᠶᠢᠨ ᠲᠣᠭᠤᠷᠢᠭ ᠤᠨ ᠬᠡᠰᠡᠭ ᠭᠤᠤᠯ ᠵᠡᠭᠡᠯᠢ ᠭᠤᠳᠤᠮᠵᠢ᠂ ᠴᠢᠬᠤᠯᠠ ᠵᠠᠩᠭᠢᠯᠠᠭ᠎ᠠ ᠶᠢᠨ ᠴᠢᠭ᠂ 1980 ᠬᠠᠭᠤᠴᠢᠨ ᠵᠡᠭᠡᠯᠢ ᠲᠣᠭᠤᠷᠢᠭ ᠤᠨ ᠥᠭᠡᠷᠡᠴᠢᠯᠡᠯᠲᠡ᠂ ᠰᠠᠨ ᠵᠢᠶᠠᠩ ᠽᠦᠨ ᠶᠤᠸᠠᠨ ᠵᠡᠷᠭᠡ ᠲᠥᠷᠥᠯ ᠵᠦᠢᠯ ᠵᠢᠴᠢ ᠵᠢᠶᠠᠨ ᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠢᠦᠶ ᠶᠢᠩ ᠨᠡᠶᠢᠭᠡᠮ ᠲᠣᠭᠤᠷᠢᠭ ᠤᠨ ᠬᠠᠷᠢᠶ᠎ᠠ ᠳᠠᠬᠢ ᠮᠢᠨ ᠯᠢᠶᠠᠨ A ᠰᠠᠭᠤᠭᠠᠯᠢ ᠲᠣᠭᠤᠷᠢᠭ ᠢᠶᠠᠷ ᠬᠦᠨᠵᠡᠬᠡᠶᠢᠷᠡᠵᠤ᠂ ᠬᠤᠲᠠ ᠶᠢᠨ ᠨᠠᠷᠢᠯᠢᠬᠵᠢᠭᠤᠯᠤᠨ ᠵᠠᠰᠠᠬᠤ ᠠᠵᠢᠯ ᠪᠠ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠳᠤ ᠪᠣᠳᠠᠲᠠᠶ ᠱᠠᠭᠠᠷᠳᠠᠯᠭ᠎ᠠ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠪᠠ᠃    6 ᠰᠠᠷ᠎ᠠ ᠶᠢᠨ 12 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 59 ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    6 ᠰᠠᠷ᠎ᠠ ᠶᠢᠨ 14 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠨᠡᠭᠦᠷᠡᠰᠦᠨ ᠤ ᠮᠠᠰᠢᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠤᠯᠪᠤᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    6 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠠᠨᠳᠠᠢ ᠪᠠᠯᠭᠠᠰᠤ᠂ ᠪᠤᠷᠵᠠᠩᠨᠠᠭᠤᠷ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    6 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠨᠠᠷ ᠡᠵᠡᠨ ᠬᠤᠷᠤᠭ᠎ᠠ ᠬᠤᠰᠢᠭᠤᠨ ᠳᠤ ᠬᠦᠷᠴᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠦᠵᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠰᠢᠨᠵᠢᠯᠡᠨ ᠦᠵᠡᠬᠦ ᠳᠤ ᠣᠷᠣᠯᠴᠠᠪᠠ᠃    6 ᠰᠠᠷ᠎ᠠ ᠶᠢᠨ 14 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠥᠪᠥᠷ ᠮᠣᠩᠭᠤᠯ ᠤᠨ ᠢ ᠮᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠬᠥᠳᠡᠯᠮᠦᠷᠢ ᠶᠢᠨ ᠬᠠᠮᠠᠭᠠᠯᠠᠯᠲᠠ ᠶᠢᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃    6 ᠰᠠᠷ᠎ᠠ ᠶᠢᠨ 16 ᠤ ᠡᠳᠤᠷ᠂ ᠤᠷᠳᠤᠰ ᠬᠤᠳᠠ ᠶᠢᠨ ᠨᠡᠭᠦᠷᠡᠰᠤᠨ ᠠᠭᠤᠷᠬᠠᠢ ᠶᠢᠨ ᠠᠶᠤᠯᠬᠦᠢ ᠤᠶᠢᠯᠡᠳᠪᠤᠷᠢᠯᠡᠯ ᠤᠨ ᠪᠠᠷᠢᠮᠵᠢᠶᠠᠵᠢᠭᠰᠡᠨ᠂ ᠨᠡᠬᠦᠷᠡᠰᠤᠨ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢᠨ ᠤᠶᠤᠨᠴᠢᠯᠠᠭᠰᠡᠨ᠂ ᠠᠭᠤᠷᠬᠠᠢ ᠶᠢᠨ ᠤᠷᠴᠢᠨ ᠤ ᠠᠮᠢ ᠠᠬᠤᠢ ᠶᠢᠨ ᠪᠤᠬᠢᠷᠳᠤᠯ ᠦᠬᠡᠶᠢᠵᠢᠬᠦᠯᠦᠭᠰᠡᠨ ᠠᠭᠤᠰᠤᠯᠴᠠᠯ ᠬᠦᠭᠵᠢᠯᠳᠡ ᠶᠢ ᠠᠬᠢᠭᠤᠯᠬᠤ ᠬᠤᠷᠠᠯ ᠳ᠋ᠦᠡᠭᠱᠸᠡᠭ ᠲᠤᠭᠤᠷᠢᠭ ᠤᠨ ᠮᠢᠨ ᠳ᠋ᠠ ᠨᠡᠭᠦᠷᠡᠰᠤᠨ ᠠᠭᠤᠷᠬᠠᠢ ᠳᠤ ᠬᠤᠷᠠᠯᠳᠤᠪᠠ᠃ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠤᠪᠴᠢᠶᠠᠨ ᠤ ᠦᠪᠦᠷ ᠮᠤᠩᠭᠤᠯ ᠤᠨ ᠳᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠬᠦᠨ᠂ ᠳᠡᠳ᠋ ᠳᠤᠪᠴᠢᠶᠠᠨ ᠳᠠᠷᠤᠭ᠎ᠠ ᠬᠠᠨ ᠵᠢᠶᠦ᠋ᠨ ᠴᠢᠩ ᠬᠤᠷᠠᠯ ᠳᠤ ᠤᠷᠤᠯᠴᠠᠭᠰᠠᠨ ᠪᠦᠭᠡᠳ ᠪᠠᠶᠠᠷ ᠤᠨ ᠦᠭᠡ ᠬᠡᠯᠡᠵᠤ᠂ ᠤᠷᠳᠤᠰ ᠬᠤᠳᠠ ᠶᠢᠨ ᠳᠡᠳ᠋ ᠳᠠᠷᠤᠭ᠎ᠠ ᠵᠢᠷᠤᠮᠳᠤ ᠬᠤᠷᠠᠯ ᠳᠤ ᠤᠷᠤᠯᠴᠠᠭᠰᠠᠨ ᠪᠦᠭᠡᠳ ᠪᠠᠶᠠᠷ ᠤᠨ ᠦᠭᠡ ᠬᠡᠯᠡᠵᠤ᠂ ᠦᠪᠡᠷᠳᠡᠭᠡᠨ ᠵᠠᠰᠠᠬᠤ ᠤᠷᠤᠨ ᠤ ᠡᠨᠧᠷᠬᠢ ᠶᠢᠨ ᠳᠤᠪᠴᠢᠶ᠎ᠠ ᠶᠢᠨ ᠠᠮᠤᠷ ᠲᠦᠪᠰᠢᠨ ᠤ ᠶᠡᠷᠦᠩᠬᠡᠢ ᠬᠢᠨᠠᠭᠴᠢ ᠴᠢ ᠽᠠᠢ ᠴᠧᠩ᠂ ᠳ᠋ᠦᠡᠭᠱᠧᠩ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠤᠷᠤᠯᠴᠠᠪᠠ᠃ ᠣᠷᠳᠣᠰ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠳᠠᠳ ᠵᠢᠴᠢ ᠬᠤᠯᠪᠤᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠳᠠᠳ᠂ ᠡᠯ᠎ᠡ ᠬᠤᠰᠢᠭᠤ ᠲᠣᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ ᠵᠢᠴᠢ ᠬᠠᠮᠢᠶ᠎ᠠ ᠪᠥᠬᠦᠶ ᠬᠠᠷᠢᠭᠤᠴᠠᠯᠭᠠᠳᠠᠳ᠂ ᠣᠷᠳᠣᠰ ᠬᠤᠲᠠ ᠳᠤ ᠰᠠᠭᠤᠭ᠎ᠠ ᠬᠤᠯᠪᠤᠭᠳᠠᠯ ᠪᠥᠬᠦᠶ ᠠᠵᠤ ᠠᠬᠤᠶᠢᠯᠠᠯ᠂ ᠤᠯᠤᠰ ᠤᠨ ᠠᠵᠤ ᠠᠬᠤᠶᠢᠯᠠᠯ ᠵᠢᠴᠢ ᠣᠷᠣᠨ ᠨᠤᠲᠤᠭ ᠤᠨ ᠠᠵᠤ ᠠᠬᠤᠶᠢᠯᠠᠯ ᠲᠣᠰ ᠤᠳᠠᠭᠠᠨ ᠤ ᠬᠤᠷᠠᠯ ᠳᠤ ᠣᠷᠣᠯᠴᠠᠪᠠ᠃    6 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ ᠳ᠋ᠦᠡᠭᠱᠸᠡᠭ ᠲᠤᠭᠤᠷᠢᠭ ᠲᠤ ᠭᠦᠨᠵᠡᠭᠡᠶᠢᠷᠡᠨ ︽ᠨᠠᠰᠤᠲᠠᠶᠢᠴᠤᠳ ᠪᠠ ᠨᠢᠯᠬᠠᠰ︾ ᠤᠨ ᠤᠶᠢᠯᠡᠴᠢᠯᠡᠬᠡᠨ ᠤ ᠪᠠᠳᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ︽ᠨᠠᠰᠤᠲᠠᠶᠢᠴᠤᠳ ᠪᠠ ᠨᠢᠯᠬᠠᠰ︾ ᠤᠨ ᠤᠶᠢᠯᠡᠴᠢᠯᠡᠬᠡᠨ ᠤ ᠪᠠᠳᠤᠯᠠᠭ᠎ᠠ ᠶᠢᠨ ᠠᠵᠢᠯ ᠪᠤᠯ ᠠᠷᠠᠳ ᠤᠨ ᠠᠮᠢᠳᠤᠷᠡᠯ ᠤᠨ ᠴᠢᠬᠤᠯᠡ ᠠᠵᠢᠯ ᠪᠤᠯᠤᠨ᠎ᠡ᠂ ᠲᠦᠭ ᠲᠦᠮᠡᠨ ᠠᠶᠢᠯ ᠡᠷᠦᠭᠡ ᠪᠠ ᠵᠤᠯ ᠵᠢᠷᠭᠠᠯᠳᠤ ᠤᠷᠳᠤᠰ ᠤᠨ ᠪᠦᠳᠦᠭᠡᠨ ᠪᠠᠶᠢᠭᠤᠯᠤᠯᠳᠡ ᠳᠤ ᠬᠤᠯᠪᠤᠭᠳᠠᠵᠤ᠂ ᠭᠡᠪ ᠵᠠᠬᠪᠤᠷ ᠤᠨ ᠰᠢᠨ᠎ᠡ ᠶᠢ ᠡᠭᠦᠳᠴᠤ᠂ ᠲᠤᠬᠳᠠᠴᠡ ᠶᠢ ᠪᠦᠷᠢᠨᠰᠢᠭᠦᠯᠵᠤ᠂ ᠬᠤᠶᠠᠷ ᠭᠤᠤᠯᠳᠠᠯᠭ᠎ᠠ ᠲᠠᠢ ᠭᠦᠮᠦᠰ ᠲᠤ ᠨᠠᠩ ᠰᠠᠶᠢᠨ ᠤᠯᠠᠨ ᠨᠠᠶᠢᠳᠠ ᠶᠢᠨ ᠦᠢᠯᠡᠴᠢᠯᠡᠭᠡᠨ ᠤ ᠪᠠᠳᠤᠯᠠᠭ᠎ᠠ ᠬᠠᠨᠭ᠍ᠭᠠᠬᠤ ᠭᠡᠷᠡᠭᠳᠡᠢ ᠭᠡᠵᠤ ᠴᠢᠬᠤᠯᠠᠴᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠧᠨ ᠬᠤᠸᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    6 ᠰᠠᠷ᠎ᠠ ᠶᠢᠨ 19 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠢᠶᠠᠮᠧᠨ ᠤ ᠶᠢᠨ ᠯᠦᠩ ᠬᠤᠯᠪᠣᠭᠠᠲᠤ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠯᠤᠭ᠎ᠠ ᠰᠢᠶᠠᠮᠧᠨ ᠤ ᠶᠢᠨ ᠯᠦᠩ ︵ᠣᠷᠳᠣᠰ︶ ᠬᠦᠨᠳᠦ ᠠᠴᠢᠶᠠᠨ ᠤ ᠮᠠᠰᠢᠨ ᠲᠡᠷᠭᠡᠨ ᠤ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠡᠯᠡᠯᠴᠡᠬᠡᠷ ᠲᠤ ᠠᠮᠵᠢᠯᠲᠠ ᠲᠠᠢ ᠭᠠᠷ ᠤᠨ ᠥᠰᠥᠭ ᠵᠢᠷᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢᠶᠠᠮᠧᠨ ᠤ ᠶᠢᠨ ᠯᠦᠩ ᠬᠤᠯᠪᠣᠭᠠᠲᠤ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᡁᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    6 ᠰᠠᠷ᠎ᠠ ᠶᠢᠨ 19 ᠤ ᠡᠳᠦᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠡᠭ ᠲᠦᠩᠴᠤᠸᠠᠨ ᠪᠠᠯᠭᠠᠰᠤᠨ ᠳᠤ ᠭᠦᠨᠵᠡᠭᠡᠶᠢᠷᠡᠨ ᠭᠦᠳᠡᠭᠡ ᠲᠤᠰᠬᠤᠨ ᠢ ᠭᠦᠭᠵᠢᠭᠦᠯᠤᠨ ᠮᠠᠨᠳᠤᠭᠤᠯᠬᠤ᠂ ᠦᠨᠳᠦᠰᠦᠨ ᠱᠠᠳᠤᠨ ᠤ ᠵᠠᠰᠠᠯᠳᠠ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠺᠠᠳ᠋ᠷ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠤᠯᠢᠯᠴᠠᠨ᠂ ᠡᠯ᠎ᠠ ᠲᠦᠷᠦᠯ ᠤᠨ ᠠᠵᠢᠯ ᠢ ᠦᠷᠨᠢᠭᠦᠯᠵᠤ ᠪᠠᠶᠢᠭ᠎ᠠ ᠪᠠᠶᠢᠳᠠᠯ ᠢ ᠪᠦᠭᠦ ᠲᠠᠯ᠎ᠠ ᠪᠠᠷ ᠤᠢᠢᠯᠠᠭᠠᠪᠠ᠃    6 ᠰᠠᠷ᠎ᠠ ᠶᠢᠨ 20 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳ᠋ᠦᠩᠱᠧᠩ ᠲᠤᠭᠤᠷᠢᠭ ᠤᠨ ᠤᠰᠤ ᠬᠠᠩᠭᠠᠬᠤ᠂ ᠢᠯᠴᠢ ᠬᠠᠩᠭᠠᠬᠤ ᠬᠤᠯᠪᠣᠭᠳᠠᠯ ᠪᠥᠬᠦᠶ ᠪᠠᠶᠢᠳᠠᠯ ᠪᠠ ︽ᠪᠠᠳᠤᠳᠠᠢ ᠲᠤᠰᠢᠶᠠᠬᠤ ᠠᠰᠠᠷ︾ ᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    6 ᠰᠠᠷ᠎ᠠ ᠶᠢᠨ 20 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠵᠢᠩ ᠤᠣ᠂ ᠴᠢ ᠷᠦᠢ᠂ ᠵᠥᠩ ᠴᠧ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤᠣᠷᠣᠯᠴᠠᠪᠠ᠃    6 ᠰᠠᠷ᠎ᠠ ᠶᠢᠨ 21 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠤᠷᠢᠳ ᠬᠤᠵᠢᠳ ᠳ᠋ᠦᠩᠱᠧᠩ ᠲᠣᠭᠤᠷᠢᠭ ᠤᠨ ᠬᠡᠰᠡᠭ︽ᠪᠠᠳᠤᠳᠠᠢ ᠲᠤᠰᠢᠶᠠᠬᠤ ᠠᠰᠠᠷ︾ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠭᠦᠨᠵᠡᠭᠡᠶᠢᠷᠡᠵᠦ᠂ ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ  ᠪᠠᠶᠢᠴᠠᠭᠠᠨ ᠦᠵᠡᠵᠦ᠂ ᠪᠠᠷᠢᠯᠭ᠎ᠠ ᠶᠢᠨ ᠲᠥᠯᠥᠪᠯᠡᠭᠡ᠂ ᠲᠥᠷᠥᠯ ᠵᠦᠢᠯ ᠤᠨ ᠠᠬᠢᠴᠠ᠂ ᠠᠰᠠᠷ ᠲᠤᠰᠢᠶᠠᠬᠤ ᠴᠠᠭ᠂ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠰᠤᠳᠤᠯᠤᠨ ᠰᠢᠢᠳᠪᠦᠷᠢᠯᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    6 ᠰᠠᠷ᠎ᠠ ᠶᠢᠨ 21 ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠠᠷ ᠳ᠋ᠦᠩᠱᠧᠩ ᠲᠣᠭᠤᠷᠢᠭ ᠲᠤ ᠢᠷᠡᠵᠤ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠬᠢᠯᠡᠪᠡ᠃    6 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 6 ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    6 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ 2023 ᠣᠨ ᠤ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    6 ᠰᠠᠷ᠎ᠠ ᠶᠢᠨ 26 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠠᠮᠲᠤ ᠪᠠᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 27 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    6 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠨᠠᠮ ᠤᠨ ᠭᠡᠰᠢᠭᠦᠨ ᠺᠠᠳ᠋ᠷᠴᠤᠳ ᠲᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠯᠡᠵᠦ᠂ ︿ᠬᠤᠶᠠᠷ ᠶᠡᠭᠡ ᠶᠠᠪᠤᠳᠠᠯ﹀ ᠢ ᠴᠢᠩᠭ᠎ᠠ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ︾ ᠲᠤᠰᠬᠠᠢ ᠰᠡᠳᠦᠪᠲᠦ ᠨᠠᠮ ᠤᠨ ᠬᠢᠴᠢᠶᠡᠯ ᠢ ᠤᠷᠤᠵᠠᠢ᠃ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃    6 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠢ ᠳ᠋ᠦᠩ ᠹᠧᠩ ᠯᠢᠦ ᠵᠸᠦ ᠮᠠᠰᠢᠨ ᠲᠡᠷᠭᠡᠨ ᠤ ᠣᠷᠳᠣᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠡᠯᠡᠯᠴᠡᠬᠡᠷ ᠲᠤ ᠠᠮᠵᠢᠯᠲᠠ ᠲᠠᠢ ᠭᠠᠷ ᠤᠨ ᠥᠰᠥᠭ ᠵᠢᠷᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠳ᠋ᠦᠩ ᠹᠧᠩ ᠯᠢᠦ ᠵᠧᠦ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠬᠤᠳᠠᠯᠳᠤᠭᠠᠨ ᠳᠤ ᠬᠡᠷᠡᠭᠯᠡᠬᠦ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠡᠵᠡᠩᠨᠡᠨ ᠪᠣᠷᠣᠯᠠᠭᠤᠯᠬᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠽᠧᠩ ᠸᠧᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠭᠠᠷ  ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    6 ᠰᠠᠷ᠎ᠠ ᠶᠢᠨ 30 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶ ᠫᠢᠩ ︽ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠶ᠎ᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃    6 ᠰᠠᠷ᠎ᠠ ᠶᠢᠨ 30 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠰᠤᠷᠭᠠᠨ ᠬᠥᠮᠦᠵᠢᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶ᠎ᠡ ᠶᠢ ᠳᠡᠭᠡᠭᠰᠢᠯᠡᠭᠦᠯᠦᠨ ᠥᠭᠡᠷᠡᠴᠢᠯᠡᠬᠦ᠂ ᠨᠠᠮᠤᠷ ᠤᠨ ᠤᠯᠠᠷᠢᠯ ᠤᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠪᠡᠯᠡᠳᠬᠡᠯ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠢ ᠰᠤᠳᠤᠯᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠷ ᠪᠠᠶᠢᠴᠠᠭᠠᠨ ᠰᠤᠳᠤᠯᠬᠤ ᠶᠢᠨ ᠬᠠᠮᠲᠤ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ