| ᠡᠷᠡᠭᠲᠡᠢ᠂ ᠬᠢᠳᠠᠳ ᠦᠨᠳᠦᠰᠦᠲᠡᠨ᠂ ᠭᠠᠨᠰᠤ ᠶᠢᠨ ᠴᠢᠩ ᠶᠠᠩ ᠤᠨ ᠬᠥᠮᠥᠨ᠂ ᠱᠠᠨᠪᠧᠢ ᠶᠢᠨ ᠤᠯᠠᠭᠠᠨ ᠴᠡᠷᠢᠭ ᠤᠨ ᠮᠣᠩᠭᠤᠯ ᠮᠣᠷᠢᠲᠤ ᠴᠡᠷᠢᠭ ᠤᠨ | ᠫᠠᠷᠲ᠋ᠢᠽᠠᠨ ᠠᠩᠭᠢ ᠶᠢᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠴᠢ ᠲᠢᠩ ᠵᠧᠨ ᠪᠣᠯ ᠥᠨᠥᠴᠢᠨ ᠬᠡᠦᠬᠡᠳ ᠪᠠᠶᠢᠵᠤ᠂ ᠬᠤᠪᠢᠰᠬᠠᠯ | ᠳᠤ ᠣᠷᠣᠯᠴᠠᠬᠤ ᠠᠴᠠ ᠡᠮᠦᠨ᠎ᠡ ᠴᠢᠩ ᠶᠠᠩ ᠰᠢᠶᠠᠨ ᠤ ᠨᠠᠨ ᠸᠠ ᠲᠣᠰᠬᠤᠨ ᠤ ᠮᠠ ᠣᠪᠣᠭᠲᠤ ᠭᠠᠵᠠᠷ ᠤᠨ ᠡᠵᠡᠨ ᠤ ᠳᠤ ᠬᠦᠴᠦ ᠶᠠᠪᠤᠵᠤ ᠬᠤᠨᠢ ᠬᠠᠷᠢᠭᠤᠯᠵᠣ | ᠪᠠᠶᠢᠪᠠ᠃ | 1933 ᠣᠨ ᠤ ᠬᠠᠪᠤᠷ᠂ ᠯᠢᠦ ᡁᠢ ᠳ᠋ᠠᠨ ᠤ ᠤᠳᠤᠷᠢᠳᠤᠭᠰᠠᠨ ᠤᠯᠠᠭᠠᠨ ᠴᠡᠷᠢᠭ ᠤᠨ 26 ᠳ᠋ᠤᠭᠠᠷ ᠠᠷᠮᠢ ᠶᠢᠨ ᠤᠯᠠᠭᠠᠨ ᠭᠤᠷᠪᠠᠳᠤᠭᠠᠷ ᠬᠤᠷᠢᠶ᠎ᠠ | ᠭᠠᠨᠰᠤ ᠶᠢᠨ ᠯᠦᠩ ᠳ᠋ᠦᠩ ᠣᠷᠴᠢᠮ ᠢᠶᠠᠷ ᠭᠦᠨᠵᠡᠭᠡᠶᠢᠷᠡᠨ ᠨᠤᠲᠤᠭ ᠤᠨ ᠬᠠᠷᠭᠢᠰᠴᠤᠳ ᠢ ᠴᠣᠬᠢᠵᠤ᠂ ᠭᠠᠵᠠᠷ ᠲᠠᠷᠢᠶ᠎ᠠ ᠬᠤᠪᠢᠶᠠᠨ ᠰᠠᠩ ᠬᠦᠮᠦᠷᠭᠡ ᠨᠡᠭᠡᠭᠡᠵᠦ | ᠶᠠᠳᠠᠭᠤᠴᠤᠳ ᠢ ᠳᠡᠳᠭᠦᠬᠦ ᠬᠤᠪᠢᠰᠬᠠᠯᠲᠣ ᠠᠵᠢᠯᠯᠠᠭ᠎ᠠ ᠶᠢ ᠰᠦᠷ ᠳᠠᠯᠠᠶᠢᠴᠢᠲᠠᠢ ᠶᠠᠪᠤᠭᠤᠯᠪᠠ᠃ 2 ᠰᠠᠷ᠎ᠠ ᠶᠢᠨ ᠳᠤᠮᠳᠠᠴᠢ ᠪᠠᠷ᠂ ᠤᠯᠠᠭᠠᠨ ᠴᠡᠷᠢᠭ ᠴᠢᠩ ᠶᠠᠩ | ᠰᠢᠶᠠᠨ ᠤ ᠨᠠᠨ ᠸᠠ ᠲᠣᠰᠬᠤᠨ ᠳᠤ ᠬᠦᠷᠴᠦ᠂ ᠨᠤᠲᠤᠭ ᠤᠨ ᠬᠠᠷᠭᠢᠰ ᠮᠠ ᠸᠠᠨ ᠼᠠᠩ ᠤᠨ ᠲᠠᠪᠤᠨ ᠶᠡᠭᠡ ᠡᠳ᠋ ᠬᠥᠷᠥᠩᠭᠡ ᠶᠢ ᠬᠤᠪᠢᠶᠠᠨ᠂ ᠮᠠᠰᠢ ᠤᠯᠠᠨ ᠶᠠᠳᠠᠭᠤ | ᠵᠦᠳᠡᠭᠦᠦ ᠲᠠᠷᠢᠶᠠᠴᠢᠳ ᠢ ᠠᠪᠤᠷᠠᠪᠠ᠃ ᠴᠢ ᠲᠢᠩ ᠵᠧᠨ ᠤᠯᠠᠭᠠᠨ ᠴᠡᠷᠢᠭ ᠤᠨ ᠪᠠᠶᠠᠴᠤᠳ ᠢ ᠴᠣᠬᠢᠨ ᠶᠠᠳᠠᠭᠤᠴᠤᠳ ᠢ ᠲᠡᠳᠬᠦᠬᠦ ᠠᠵᠢᠯᠯᠠᠭ᠎ᠠ ᠶᠢ ᠦᠵᠡᠭᠡᠳ | ᠶᠡᠬᠡᠳᠡ ᠪᠢᠰᠢᠷᠡᠵᠦ᠂ ᠳᠡᠯᠡᠬᠡᠢ ᠳ᠋ᠠᠬᠢᠨ ᠳᠤ ᠭᠠᠭᠴᠠᠬᠦ ᠡᠪ ᠬᠠᠮᠲᠤ ᠨᠠᠮ ᠰᠠᠶ᠋ᠢ ᠶᠠᠳᠠᠭᠤ ᠵᠦᠳᠡᠭᠦᠦ ᠠᠷᠠᠳ ᠲᠦᠮᠡᠨ ᠤ ᠠᠪᠤᠷᠠᠭᠴᠢ ᠪᠤᠯᠬᠤ ᠶᠢ ᠣᠯᠵᠤ ᠮᠡᠳᠡᠪᠡ᠃ | ᠢᠩᠭᠢᠭᠡᠳ 15 ᠨᠠᠰᠤᠲᠠᠢ ᠴᠢ ᠲᠢᠩ ᠵᠧᠨ ᠲᠣᠰᠬᠤᠨ ᠤ ᠪᠠᠨ ᠬᠡᠳᠦᠨ ᠵᠠᠯᠠᠭᠤᠴᠤᠳ ᠲᠠᠢ ᠬᠠᠮᠲᠤ ᠤᠯᠠᠭᠠᠨ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠵᠦ᠂ | ᠬᠤᠪᠢᠰᠬᠠᠯ ᠤᠨ ᠵᠠᠮ ᠢᠶᠠᠷ ᠵᠠᠮᠨᠠᠵᠠᠢ᠃ | ᠴᠢ ᠲᠢᠩ ᠵᠧᠨ ᠬᠠᠷᠠᠬᠠᠨ ᠪᠠᠭ᠎ᠠ ᠠᠴᠠ ᠪᠠᠨ ᠭᠠᠵᠠᠷ ᠤᠨ ᠡᠵᠡᠨ ᠪᠠᠶᠠᠴᠤᠳ ᠤᠨ ᠪᠣᠭᠤᠯᠴᠢᠯᠠᠯ ᠳᠠᠷᠤᠯᠠᠯ ᠢ ᠬᠠᠨᠲᠠᠯ᠎ᠠ ᠠᠮᠰᠠᠵᠤ ᠪᠠᠶᠢᠭᠰᠠᠨ ᠪᠣᠯᠬᠤᠷ᠂ | ᠲᠦᠮᠡᠨ ᠨᠢᠭᠦᠯᠲᠦ ᠬᠠᠭᠤᠴᠢᠨ ᠨᠡᠶᠢᠭᠡᠮ ᠢ ᠲᠤᠶᠢᠯ ᠢᠶᠠᠷ ᠬᠤᠷᠣᠰᠤᠨ ᠵᠠᠨᠤᠳᠠᠭ ᠪᠠᠶᠢᠪᠠ᠃ ᠬᠤᠪᠢᠰᠬᠠᠯ ᠳᠤ ᠣᠷᠣᠯᠴᠠᠭᠰᠠᠨ ᠤ ᠪᠠᠨ ᠳᠠᠷᠠᠭ᠎ᠠ᠂ ᠬᠤᠪᠢᠰᠬᠠᠯ ᠤᠨ | ᠡᠩᠨᠡᠭᠡᠨ ᠤ ᠤᠳᠤᠷᠢᠳᠤᠯᠭ᠎ᠠ ᠪᠠ ᠬᠠᠮᠲᠤ ᠪᠠᠶᠢᠯᠳᠣᠭᠴᠢ ᠶᠢᠨ ᠬᠠᠪᠰᠣᠷᠣᠯᠭ᠎ᠠ ᠪᠠᠷ ᠲᠡᠷᠡ ᠤᠬᠠᠮᠰᠠᠷ ᠢᠶᠠᠨ ᠲᠠᠰᠣᠷᠠᠯᠲᠠ ᠦᠭᠡᠢ ᠳᠡᠭᠡᠭᠰᠢᠯᠡᠭᠦᠯᠦᠨ᠂ ᠬᠠᠳᠠᠭᠤᠵᠢᠯᠲᠠᠢ | ᠰᠤᠷᠤᠯᠴᠠᠵᠤ ᠡᠷᠡᠯᠬᠡᠭ ᠪᠠᠭᠠᠲᠤᠷᠯᠢᠭ ᠢᠶᠠᠷ ᠪᠠᠶᠢᠯᠳᠣᠨ᠂ ᠴᠡᠷᠢᠭ ᠲᠤ ᠣᠷᠣᠭᠠᠳ ᠵᠢᠯ ᠭᠠᠷᠤᠶᠢᠬᠠᠨ ᠪᠣᠯᠣᠮᠠᠭᠴᠠ ᠲᠠᠰᠤᠭ ᠤᠨ ᠳᠠᠷᠤᠭ᠎ᠠ᠂ ᠰᠠᠯᠠᠭᠠᠨ ᠳᠠᠷᠤᠭ᠎ᠠ | ᠪᠣᠯᠤᠭᠰᠠᠨ ᠪᠥᠭᠡᠳ ᠢᠷᠠᠭᠤ ᠠᠯᠳᠠᠷᠲᠠᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠭᠰᠠᠨ ᠪᠠᠶᠢᠪᠠ᠃ | 1934 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨᠪᠧᠢ ᠶᠢᠨ ᠣᠨᠴᠠᠭᠠᠢ ᠣᠷᠣᠨ ᠤ ᠬᠤᠷᠢᠶ᠎ᠠ ᠠᠴᠠ ᠤᠯᠠᠭᠠᠨ ᠭᠤᠷᠪᠠᠳᠤᠭᠠᠷ ᠬᠤᠷᠢᠶ᠎ᠠ | ᠶᠢᠨ ᠮᠣᠷᠢᠲᠤ ᠴᠡᠷᠢᠭ ᠤᠨ ᠰᠤᠮᠤ ᠶᠢ ᠮᠣᠷᠢᠲᠤ ᠴᠡᠷᠢᠭ ᠤᠨ ᠬᠤᠷᠢᠶ᠎ᠠ ᠪᠣᠯᠭᠠᠨ ᠥᠷᠭᠡᠳᠬᠡᠨ ᠪᠠᠶᠢᠭᠤᠯᠪᠠ᠃ 11 ᠰᠠᠷ᠎ᠠ ᠳᠤ᠂ ᠮᠣᠷᠢᠲᠤ ᠴᠡᠷᠢᠭ ᠤᠨ ᠬᠤᠷᠢᠶ᠎ᠠ | ᠭᠠᠨᠰᠤ ᠶᠢᠨ ᠱᠠᠨ ᠴᠧᠩ ᠪᠦᠦ ᠳᠤ ᠮᠠ ᠬᠤᠩ ᠺᠦᠢ ᠶᠢᠨ ᠶᠠᠪᠠᠭᠠᠨ ᠴᠡᠷᠢᠭ ᠤᠨ ᠨᠢᠭᠡᠨ ᠪᠠᠲᠯᠢᠶᠤᠨ ᠢ ᠪᠦᠰᠡᠯᠡᠨ ᠤᠰᠠᠳᠬᠠᠬᠤ ᠰᠢᠷᠦᠭᠦᠨ ᠪᠠᠶᠢᠯᠳᠤᠭᠠᠨ ᠳᠤ᠂ ᠴᠢ | ᠲᠢᠩ ᠵᠧᠨ ᠨᠢᠭᠡᠨ ᠰᠠᠯᠠᠭ᠎ᠠ ᠮᠣᠷᠢᠲᠤ ᠴᠡᠷᠢᠭ ᠳᠠᠭᠠᠭᠤᠯᠤᠨ ᠭᠠᠪᠰᠢᠭᠠᠶᠢᠯᠠᠨ ᠳᠠᠭᠠᠷᠢᠵᠤ᠂ ᠪᠠᠭᠠᠲᠣᠷᠯᠢᠭ ᠢᠶᠠᠷ ᠪᠠᠶᠢᠯᠳᠣᠨ ᠳᠠᠶᠢᠰᠤᠨ ᠤ ᠪᠠᠲᠯᠢᠶᠤᠨ ᠤ ᠳᠠᠷᠤᠭ᠎ᠠ ᠶᠢ | ᠠᠮᠢᠳᠤ ᠪᠠᠷ ᠪᠠᠷᠢᠪᠴᠢᠯᠠᠭᠠᠳ ᠳᠡᠭᠡᠳᠦ ᠱᠠᠲᠤᠨ ᠤ ᠰᠠᠶᠢᠰᠢᠶᠠᠯ ᠢ ᠣᠯᠵᠠᠢ᠃ ᠳᠡᠮᠡᠢ ᠤᠳᠠᠯ ᠦᠭᠡᠢ ᠴᠢ ᠲᠢᠩ ᠵᠧᠨ ᠮᠣᠷᠢᠲᠤ ᠴᠡᠷᠢᠭ ᠤᠨ ᠬᠤᠷᠢᠶᠠᠨ ᠤ | ᠨᠢᠭᠡᠳᠦᠭᠡᠷ ᠰᠤᠮᠤᠨ ᠳᠠᠷᠤᠭ᠎ᠠ ᠪᠠᠷ ᠳᠡᠪᠰᠢᠭᠦᠯᠦᠭᠳᠡᠪᠡ᠃ | 1935 ᠣᠨ ᠤ ᠡᠬᠢ ᠪᠠᠷ᠂ ᠱᠠᠨᠪᠸᠢ ᠶᠢᠨ ᠤᠯᠠᠭᠠᠨ ᠴᠡᠷᠢᠭ ᠬᠤᠪᠢᠰᠬᠠᠯ ᠤᠨ ᠰᠠᠭᠤᠷᠢᠨ ᠭᠠᠵᠠᠷ ᠢ ᠦᠷᠭᠡᠳᠭᠡᠨ᠂ ᠭᠤᠮᠢᠨᠳᠠᠩ ᠤᠨ ᠮᠣᠩᠭᠤᠯ ᠣᠷᠣᠨ ᠳᠤ | ᠣᠷᠣᠬᠤ ᠶᠢ ᠬᠤᠷᠢᠭᠯᠠᠬᠤ ᠶᠢᠨ ᠲᠦᠯᠦᠭᠡ᠂ ᠮᠣᠷᠢᠲᠣ ᠴᠡᠷᠢᠭ ᠤᠨ ᠬᠤᠷᠢᠶ᠎ᠠ ᠶᠢᠨ ᠮᠣᠩᠭᠤᠯ ᠣᠷᠣᠨ ᠤ ᠰᠠᠭᠤᠷᠢᠨ ᠭᠠᠵᠠᠷ ᠢ ᠭᠠᠷᠭᠠᠬᠤ ᠪᠠᠷ ᠪᠤᠯᠪᠠ᠃ ᠴᠢ ᠲᠢᠩ | ᠵᠧᠨ ᠮᠣᠷᠢᠲᠤ ᠴᠡᠷᠢᠭ ᠤᠨ ᠬᠤᠷᠢᠶ᠎ᠠ ᠶᠢ ᠳᠠᠭᠠᠵᠤ ᠦᠦᠰᠢᠨ ᠣᠷᠴᠢᠮ ᠢᠶᠠᠷ ᠬᠦᠷᠴᠦ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠥᠷᠭᠡᠨ ᠢᠶᠠᠷ | ᠤᠬᠠᠭᠤᠯᠵᠤ᠂ ᠠᠷᠠᠳ ᠤᠨ ᠵᠡᠪᠰᠡᠭᠲᠦ ᠬᠦᠴᠦᠨ ᠢ ᠵᠣᠬᠢᠶᠠᠨ ᠪᠠᠶᠢᠭᠤᠯᠣᠨ᠂ ᠤᠯᠠᠭᠠᠨ ᠵᠠᠰᠠᠭ ᠢ ᠪᠠᠶᠢᠭᠤᠯᠪᠠ᠃ | ᠲᠤᠰ ᠵᠢᠯ ᠤᠨ ᠬᠠᠪᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨᠪᠧᠢ ᠮᠤᠵᠢ ᠶᠢᠨ ᠬᠤᠷᠢᠶ᠎ᠠ ᠪᠣᠯᠣᠨ ᠤᠯᠠᠭᠠᠨ 26 ᠳ᠋ᠤᠭᠠᠷ ᠠᠷᠮᠢ ᠶᠢᠨ ᠨᠠᠮ ᠤᠨ | ᠬᠤᠷᠢᠶ᠎ᠠ ᠠᠴᠠ ᠮᠣᠩᠭᠤᠯ ᠮᠣᠷᠢᠲᠤ ᠴᠡᠷᠢᠭ ᠤᠨ ᠫᠠᠷᠲ᠋ᠢᠽᠠᠨ ᠠᠩᠭᠢ ᠶᠢ ᠪᠠᠶᠢᠭᠤᠯᠵᠤ᠂ ᠦ᠋ ᠶᠠ ᠰᠢᠶᠦ᠋ᠩ ᠢ ᠳᠠᠷᠤᠭ᠎ᠠ ᠪᠠᠷ ᠲᠣᠮᠢᠯᠠᠵᠤ᠂ ᠯᠢ ᠣᠪᠣᠭ ᠲᠠᠢ ᠨᠢᠭᠡ | ᠨᠥᠬᠦᠷ ᠢ ᠤᠯᠤᠰ ᠲᠦᠷᠦ ᠶᠢᠨ ᠭᠡᠰᠢᠭᠦᠨ ᠢᠶᠠᠷ ᠲᠣᠮᠢᠯᠠᠬᠤ ᠪᠠᠷ ᠰᠤᠳᠤᠯᠤᠨ ᠲᠣᠭᠲᠠᠪᠠ᠃ ᠮᠣᠩᠭᠤᠯ ᠮᠣᠷᠢᠲᠤ ᠴᠡᠷᠢᠭ ᠤᠨ ᠫᠠᠷᠲ᠋ᠢᠽᠠᠨ ᠠᠩᠭᠢ ᠤᠯᠠᠭᠠᠨ ᠴᠡᠷᠢᠭ | ᠤᠨ ᠭᠤᠣᠯ ᠬᠦᠴᠦᠨ ᠲᠠᠢ ᠬᠠᠮᠵᠢᠯᠴᠠᠨ ᠱᠠᠨᠪᠸᠢ ᠠᠴᠠ ᠶᠡᠭᠡ ᠵᠤᠤ ᠠᠶᠢᠮᠠᠭ ᠤᠨ ᠡᠮᠦᠨ᠎ᠡ ᠪᠡᠶ᠎ᠡ ᠬᠦᠷᠲᠡᠯᠡᠬᠢ ᠬᠡᠳᠦᠨ ᠮᠢᠩᠭᠠᠨ ᠭᠠᠵᠠᠷ ᠢᠶᠠᠷ ᠠᠶᠠᠯᠠᠨ ᠪᠠᠶᠢᠯᠳᠣᠭᠠᠳ᠂ | ᠭᠤᠮᠢᠨᠳᠠᠩ ᠤᠨ ᠣᠷᠣᠨ ᠨᠤᠲᠤᠭ ᠤᠨ ᠵᠡᠪᠰᠡᠭᠲᠦ ᠬᠦᠴᠦᠨ ᠳᠤ ᠬᠦᠨᠳᠦ ᠴᠣᠬᠢᠯᠲᠠ ᠥᠭᠴᠦ᠂ ᠬᠤᠪᠢᠰᠬᠠᠯ ᠤᠨ ᠣᠷᠣᠨ ᠢ ᠥᠷᠭᠡᠳᠬᠡᠵᠡᠢ᠃ | ᠡᠪᠦᠯ ᠨᠢ᠂ ᠮᠣᠩᠭᠤᠯ ᠮᠣᠷᠢᠲᠤ ᠴᠡᠷᠢᠭ ᠤᠨ ᠫᠠᠷᠲ᠋ᠢᠽᠠᠨ ᠠᠩᠭᠢ ᠬᠠᠷᠭᠠᠨᠠᠲᠣ ᠶᠢᠨ ᠰᠢᠯᠢ ᠳᠤ ᠮᠠ ᠬᠤᠩ ᠺᠦᠢ ᠶᠢᠨ ᠴᠡᠷᠢᠭ ᠤᠨ ᠬᠡᠬᠡᠷ᠎ᠡ ᠶᠢᠨ ᠯᠠᠭᠤᠰᠠ | ᠬᠤᠴᠢ ᠲᠠᠢ ︵ᠶᠧ ᠴᠧᠩ ᠵᠠᠩ︶ ᠮᠣᠷᠢᠲᠤ ᠴᠡᠷᠢᠭ ᠤᠨ ᠪᠠᠷᠢᠭᠠᠳᠠ ᠲᠠᠢ ᠲᠠᠭᠠᠷᠠᠯᠳᠤᠵᠤ ᠰᠢᠷᠦᠭᠦᠨ ᠲᠣᠯᠣᠯᠳᠣᠭᠠᠳ᠂ ᠳᠠᠶᠢᠰᠤᠨ ᠤᠯᠠᠨ ᠪᠢᠳᠡ ᠴᠥᠭᠡᠨ | ᠪᠠᠶᠢᠭᠰᠠᠨ ᠠᠴᠠ ᠫᠠᠷᠲ᠋ᠢᠽᠠᠨ ᠠᠩᠭᠢ ᠬᠦᠨᠳᠦ ᠬᠤᠬᠢᠷᠠᠯ ᠳᠤ ᠣᠴᠠᠷᠠᠵᠤ᠂ ᠯᠢ ᠣᠯᠣᠰ ᠲᠦᠷᠦ ᠶᠢᠨ ᠬᠡᠰᠢᠭᠦᠨ ᠪᠡᠶ᠎ᠡ ᠦᠷᠡᠭᠳᠡᠪᠡ᠃ ᠡᠭᠦᠨ ᠳᠤ᠂ ᠳᠡᠭᠡᠳᠦ ᠱᠠᠲᠤᠨ | ᠤ ᠬᠢᠨ ᠮᠣᠩᠭᠤᠯ ᠮᠣᠷᠢᠲᠤ ᠴᠡᠷᠢᠭ ᠤᠨ ᠫᠠᠷᠲ᠋ᠢᠽᠠᠨ ᠠᠩᠭᠢ ᠶᠢ ᠳᠠᠬᠢᠨ ᠴᠡᠭᠴᠡᠯᠡᠵᠦ᠂ ᠮᠣᠷᠢᠲᠤ ᠴᠡᠷᠢᠭ ᠤᠨ ᠬᠤᠷᠢᠶᠠᠨ ᠤ ᠴᠢ ᠲᠢᠩ ᠵᠧᠨ ᠢ ᠠᠩᠭᠢ ᠶᠢᠨ | ᠳᠠᠷᠤᠭ᠎ᠠ ᠪᠠᠷ ᠲᠣᠮᠢᠯᠠᠵᠤ᠂ ᠱᠠᠨᠪᠸᠢ ᠶᠢᠨ ᠤᠯᠠᠭᠠᠨ ᠴᠡᠷᠢᠭ ᠤᠨ ᠶᠡᠭᠡ ᠰᠤᠷᠭᠠᠭᠤᠯᠢ ᠶᠢᠨ ᠶᠠᠩ ᠴᠢᠨ ᠱᠧᠩ ᠢ ᠤᠯᠤᠰ ᠲᠦᠷᠦ ᠶᠢᠨ ᠭᠡᠰᠢᠭᠦᠨ ᠢᠶᠠᠷ ᠲᠣᠮᠢᠯᠠᠪᠠ᠃ | ᠲᠡᠳᠡ ᠬᠤᠶᠠᠭᠤᠯᠠ᠂ ᠨᠠᠮ ᠤᠨ ᠲᠥᠪ ᠬᠤᠷᠢᠶᠠᠨ ᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ︽ᠳᠡᠭᠡᠳᠦ ᠳᠠᠪᠬᠤᠷᠭ᠎ᠠ ᠶᠢᠨ ᠬᠢᠨ ᠲᠠᠢ | ᠣᠶᠢᠷᠠᠳᠴᠤ᠂ ᠳᠤᠮᠳᠠ ᠳᠠᠪᠬᠤᠷᠭ᠎ᠠ ᠶᠢᠨ ᠬᠢᠨ ᠲᠠᠢ ᠪᠦᠯᠬᠦᠮᠳᠡᠵᠦ᠂ ᠳᠣᠣᠷᠠᠳᠤ ᠳᠠᠪᠬᠤᠷᠭ᠎ᠠ ᠶᠢᠨ ᠬᠢᠨ ᠲᠠᠢ ᠬᠤᠯᠪᠣᠭᠠᠯᠠᠬᠤ︾ ᠴᠢᠭᠯᠡᠯᠲᠡ ᠶᠢ ᠦᠨᠳᠦᠰᠦᠯᠡᠨ᠂ | ᠮᠣᠩᠭᠤᠯ ᠮᠣᠷᠢᠲᠤ ᠴᠡᠷᠢᠭ ᠤᠨ ᠫᠠᠷᠲ᠋ᠢᠽᠠᠨ ᠠᠩᠭᠢ ᠪᠠᠨ ᠳᠠᠭᠠᠭᠤᠯᠤᠨ ᠶᠡᠭᠡ ᠵᠤᠤ ᠶᠢᠨ ᠡᠮᠦᠨ᠎ᠡ ᠪᠡᠶ᠎ᠡ ᠣᠷᠴᠢᠮ ᠢᠶᠠᠷ ᠬᠦᠨᠵᠡᠭᠡᠶᠢᠷᠡᠨ᠂ ᠣᠯᠠᠨ ᠲᠦᠮᠡᠨ ᠲᠠᠢ | ᠪᠦᠯᠬᠦᠮᠳᠡᠨ ᠨᠢᠭᠲᠠᠷᠠᠵᠤ ᠶᠠᠫᠤᠨ ᠢ ᠡᠰᠡᠷᠭᠦᠴᠡᠬᠦ ᠶᠣᠰᠣ ᠤᠴᠢᠷ ᠢ ᠢᠳᠡᠪᠬᠢᠲᠡᠢ ᠤᠬᠠᠭᠤᠯᠵᠤ᠂ ᠥᠷᠭᠡᠨ ᠤᠯᠠᠨ ᠲᠦᠮᠡᠨ ᠲᠠᠢ ᠨᠥᠬᠦᠷᠰᠡᠭ ᠬᠠᠷᠢᠴᠠᠭ᠎ᠠ ᠪᠠᠶᠢᠭᠤᠯᠵᠤ᠂ | ᠮᠠᠰᠢ ᠲᠦᠷᠭᠡᠨ ᠢᠶᠠᠷ 60 ᠭᠠᠷᠤᠢ ᠮᠣᠷᠢᠲᠤ ᠴᠡᠷᠢᠭ ᠪᠣᠯᠣᠨ ᠬᠥᠭᠵᠢᠵᠦ᠂ ᠮᠠ ᠬᠤᠩ ᠺᠦᠢ᠂ ᠵᠢᠩ ᠶᠤᠸᠠᠢ ᠰᠢᠸ᠂ ᠵᠠᠩ ᠲᠢᠩ ᡁᠢ ᠵᠡᠷᠭᠡ ᠲᠡᠷᠰᠯᠡᠭᠦᠦ | ᠵᠡᠪᠰᠡᠭᠲᠦ ᠬᠦᠴᠦᠨ ᠳᠤ ᠴᠣᠬᠢᠯᠲᠠ ᠥᠭᠬᠦ ᠳᠤ ᠬᠤᠪᠢ ᠨᠡᠮᠡᠷᠢ ᠪᠠᠨ ᠦᠵᠡᠭᠦᠯᠪᠡ᠃ | 1936 ᠣᠨ ᠤ 7 ᠰᠠᠷ᠎ᠠ ᠶᠢᠨ 13 ᠤ ᠡᠳᠦᠷ᠂ ᠴᠢ ᠲᠢᠩ ᠵᠧᠨ᠂ ᠶᠠᠩ ᠴᠢᠨ ᠱᠧᠩ ᠮᠣᠩᠭᠤᠯ ᠮᠣᠷᠢᠲᠤ ᠴᠡᠷᠢᠭ ᠤᠨ ᠫᠠᠷᠲ᠋ᠢᠽᠠᠨ ᠠᠩᠭᠢ ᠪᠠᠨ | ᠳᠠᠭᠠᠭᠤᠯᠤᠨ ᠶᠡᠭᠡ ᠵᠤᠤ ᠶᠢᠨ ᠴᠢᠭᠤᠯᠭᠠᠨ ᠤ ᠣᠲᠤᠭ ᠬᠤᠰᠢᠭᠤᠨ ᠤ ᠲᠠᠬᠢᠯᠲᠣ ᠢᠮᠠᠭᠠᠯᠠᠢ ᠶᠢ ᠴᠢᠯᠦᠭᠡᠯᠡᠪᠡ᠃ ᠲᠡᠭᠦᠨ ᠠᠴᠠ ᠬᠤᠶᠢᠰᠢ᠂ ᠮᠣᠩᠭᠤᠯ ᠮᠣᠷᠢᠲᠤ | ᠴᠡᠷᠢᠭ ᠤᠨ ᠫᠠᠷᠲ᠋ᠢᠽᠠᠨ ᠠᠩᠭᠢ ᠦᠷᠭᠦᠯᠵᠢ ᠭᠤᠷᠪᠠᠨ ᠪᠢᠶᠠᠨ — ᠦᠦᠰᠢᠨ — ᠣᠲᠤᠭ ᠬᠤᠰᠢᠭᠤᠨ ᠤ ᠡᠮᠦᠨᠡᠲᠦ ᠬᠡᠰᠡᠭ ᠢᠶᠠᠷ ᠬᠦᠳᠡᠯᠭᠡᠭᠡᠨ ᠬᠢᠵᠦ᠂ | ᠡᠳᠡᠭᠡᠷ ᠭᠠᠵᠠᠷ ᠣᠷᠣᠨ ᠤ ᠤᠯᠠᠭᠠᠨ ᠵᠠᠰᠠᠭ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠣᠨ᠂ ᠬᠤᠪᠢᠰᠬᠠᠯ ᠤᠨ ᠣᠷᠣᠨ ᠢ ᠥᠷᠭᠡᠳᠬᠡᠭᠰᠡᠨ ᠪᠠᠶᠢᠨ᠎ᠠ᠃ | 1937 ᠣᠨ ᠳᠤ᠂ ᠴᠢ ᠲᠢᠩ ᠵᠧᠨ ᠣᠷᠪᠠᠭᠴᠢ ᠳᠡᠭᠡᠷᠡᠮ ᠪᠠᠢ ᠬᠠᠢ ᠽᠢ ᠶᠢ ᠨᠡᠬᠡᠮᠵᠢᠯᠡᠵᠦ ᠪᠠᠶᠢᠭᠠᠳ ᠪᠠᠢ ᠬᠠᠢ ᠽᠢ ᠶᠢᠨ ᠰᠣᠮᠣᠨ ᠳᠤ ᠣᠨᠣᠭᠳᠠᠵᠣ᠂ | ᠬᠤᠪᠢᠰᠬᠠᠯ ᠤᠨ ᠲᠦᠯᠦᠭᠡ ᠠᠮᠢ ᠨᠠᠰᠣ ᠪᠠᠨ ᠴᠦᠯᠡᠨ ᠣᠷᠬᠢᠯᠣᠮ᠎ᠠ ᠬᠠᠯᠠᠭᠤᠨ ᠰᠡᠳᠭᠢᠯ ᠢᠶᠠᠷ ᠵᠢᠦᠭᠦᠵᠦ ᠪᠠᠶᠢᠭᠰᠠᠨ ᠵᠠᠯᠠᠭᠤᠬᠠᠨ ᠠᠩᠭᠢ ᠶᠢᠨ ᠳᠠᠷᠤᠭ᠎ᠠ ᠪᠡᠶ᠎ᠡ | ᠦᠷᠡᠭᠳᠡᠭᠰᠡᠨ ᠶᠣᠮ᠂ ᠲᠣᠬᠠᠢ ᠶᠢᠨ ᠦᠶ᠎ᠡ ᠳᠤ ᠠᠷᠪᠠ ᠶᠢᠰᠦᠬᠡᠨ ᠨᠠᠰᠣᠲᠠᠢ ᠪᠠᠶᠢᠪᠠ᠃ | | ︵ᠡᠬᠡ ᠪᠢᠴᠢᠭ ᠢ ᠳ᠋ᠦᠩᠱᠧᠩ ᠤᠨ ᠦᠷᠡᠭᠳᠡᠭᠰᠡᠨ ᠪᠠᠭᠠᠲᠣᠷᠴᠣᠳ ᠤᠨ ᠣᠩᠭᠤᠨ ᠤ ᠬᠠᠮᠠᠭᠠᠯᠠᠯᠲᠠ ᠶᠢᠨ ᠭᠠᠵᠠᠷ ᠠᠴᠠ ᠬᠠᠩᠭᠠᠪᠠ︶ | | | |