ᠳ᠋ᠦᠩᠱᠧᠩ ᠲᠣᠭᠤᠷᠢᠭ ︽ᠲᠣᠭᠯᠠᠯᠲᠠ ᠭᠠᠷᠭᠠᠵᠤ᠂ ᠡᠷᠡᠭᠦᠯ ᠮᠡᠨᠳᠦ᠂ ᠬᠠᠤᠯᠢ ᠴᠠᠭᠠᠵᠠ ᠶᠢᠨ ᠮᠡᠳᠡᠯᠬᠡ︾ ᠶᠢ ᠴᠡᠷᠢᠭ ᠤᠨ ᠬᠤᠸᠠᠷᠠᠨ ᠳᠤ ᠣᠷᠣᠵᠤ ᠬᠤᠶᠠᠷ ᠢ ᠬᠦᠷᠢᠶᠡᠯᠡᠨ ᠴᠡᠷᠢᠭ ᠢ ᠬᠠᠯᠠᠮᠵᠢᠯᠠᠬᠤ ᠠᠵᠢᠯᠯᠠᠭ᠎ᠠ  ᠦᠷᠨᠢᠬᠦᠯᠪᠠ
ᠨᠡᠶᠢᠲᠡᠯᠡᠭᠰᠡᠨ ᠴᠠᠭ᠄
2023/8/1
1.1.jpg
    8 ᠰᠠᠷ᠎ᠠ ᠶᠢᠨ 1 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠴᠢ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ ︽ᠲᠣᠭᠯᠠᠯᠲᠠ ᠭᠠᠷᠭᠠᠵᠤ᠂ ᠡᠷᠡᠭᠦᠯ ᠮᠡᠨᠳᠦ᠂ ᠬᠠᠤᠯᠢ ᠴᠠᠭᠠᠵᠠ ᠶᠢᠨ ᠮᠡᠳᠡᠯᠬᠡ︾ ᠶᠢ ᠴᠡᠷᠢᠭ ᠤᠨ ᠬᠤᠸᠠᠷᠠᠨ ᠳᠤ ᠣᠷᠣᠵᠤ ᠬᠤᠶᠠᠷ ᠢ ᠬᠦᠷᠢᠶᠡᠯᠡᠨ ᠴᠡᠷᠢᠭ ᠢ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠ ᠨᠢᠳᠦᠨ ᠤ ᠰᠠᠯᠠᠭᠠᠨ ᠤ ᠠᠯᠪᠠᠨ ᠵᠢᠷᠤᠮ ᠤᠨ ᠡᠮᠴᠢᠯᠡᠭᠡ ᠵᠢᠴᠢ ᠬᠠᠤᠯᠢ ᠴᠠᠭᠠᠵᠠ ᠶᠢᠨ ᠯᠠᠪᠯᠠᠬᠤ ᠦᠢᠯᠡᠴᠢᠯᠡᠭᠡ ᠬᠠᠩᠭᠠᠪᠠ᠃
ᠢᠷᠡᠯᠲᠡ᠄ ᠳᠤᠰ ᠰᠦᠯᠵᠢᠶ᠎ᠡ