︵2023 ᠣᠨ ᠤ 8 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ | ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠦᠬᠦᠳᠡ ᠬᠤᠷᠠᠯ 2023 ᠣᠨ ᠤ 8 ᠰᠠᠷ᠎ᠠ ᠶᠢᠨ 10 ᠤ ᠡᠳᠦᠷ ᠳ᠋ᠦᠩᠱᠧᠩ ᠲᠣᠭᠤᠷᠢᠭ ᠲᠤ ᠬᠤᠷᠠᠯᠳᠤᠪᠠ᠃ | ᠪᠥᠬᠦᠳᠡ ᠬᠤᠷᠠᠯ ᠳᠤ ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ 32 ᠬᠥᠮᠥᠨ᠂ ᠣᠷᠣᠯᠠᠭᠴᠢ ᠭᠡᠰᠢᠭᠦᠨ 1 ᠬᠥᠮᠥᠨ ᠣᠷᠣᠯᠴᠠᠪᠠ᠃ ᠲᠣᠭᠤᠷᠢᠭ ᠤᠨ | ᠬᠠᠮᠢᠶ᠎ᠠ ᠪᠦᠬᠦᠢ ᠤᠳᠤᠷᠢᠳᠤᠯᠭ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ | ᠬᠠᠷᠢᠭᠤᠴᠠᠯᠭᠠᠳᠠᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠠᠮᠢᠶ᠎ᠠ ᠪᠦᠬᠦᠢ | ᠲᠠᠯ᠎ᠠ ᠶᠢᠨ ᠬᠠᠷᠢᠭᠤᠴᠠᠯᠭᠠᠳᠠᠳ᠂ ᠡᠯ᠎ᠡ ᠮᠥᠩᠭᠦᠨ ᠭᠦᠢᠯᠭᠡᠭᠡᠨ ᠤ ᠰᠢᠰᠲ᠋ᠧᠮ ᠤᠨ ᠬᠠᠷᠢᠭᠤᠴᠠᠯᠭᠠᠳᠠᠳ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠳᠠᠳ᠂ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠨᠠᠷ ᠬᠤᠷᠠᠯ ᠳᠤ ᠰᠤᠯᠠ ᠣᠷᠣᠯᠴᠠᠪᠠ᠃ | ᠪᠦᠬᠦᠳᠡ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ | ᠳ᠋ᠦᠩ ᠶᠠᠷᠢᠶ᠎ᠠ ᠲᠠᠯᠪᠢᠪᠠ᠃ | ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ | ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠬᠠᠢ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠢ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠵᠦ | ᠪᠠᠲᠤᠯᠠᠭᠠᠳ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠡᠯ᠎ᠡ | ᠪᠠᠯᠭᠠᠰᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠲᠣᠭᠤᠷᠢᠭ ᠤᠨ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠭᠤᠤ ᠢ ᠳ᠋ᠦᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭᠠᠨ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠣᠨ ᠴᠢᠬᠤᠯᠠ ᠶᠠᠷᠢᠶ᠎ᠠ ᠨᠢ ᠥᠪᠥᠷ ᠮᠣᠩᠭᠤᠯ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠮᠦᠨᠴᠤ ᠦᠨᠳᠦᠰᠦᠲᠡᠨ ᠤ ᠭᠠᠵᠠᠷ ᠣᠷᠣᠨ ᠳᠤ | ᠠᠵᠢᠯ ᠤᠨ ᠭᠤᠣᠯ ᠱᠤᠭᠤᠮ ᠢ ᠲᠣᠭᠲᠠᠭᠠᠨ ᠥᠭᠴᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠶᠢ | ︽ᠤᠯᠤᠰ ᠤᠨ ᠶᠡᠭᠡ ᠶᠠᠪᠤᠳᠠᠯ︾ ᠪᠣᠯᠭᠠᠨ ᠴᠢᠬᠤᠯᠠᠴᠢᠯᠠᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ | ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ ᠭᠡᠵᠦ ᠳᠤᠷᠠᠳᠤᠨ᠂ ᠥᠪᠥᠷ ᠮᠣᠩᠭᠤᠯ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ | ᠰᠢᠨ᠎ᠡ ᠥᠨᠳᠥᠷ ᠱᠠᠭᠠᠷᠳᠠᠯᠭ᠎ᠠ ᠲᠠᠯᠪᠢᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠮᠠᠨᠳᠤᠭᠤᠯᠤᠨ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ | ᠪᠣᠷᠣᠭᠵᠢᠭᠤᠨ ᠰᠤᠷᠲᠠᠯ ᠢ ᠪᠣᠶ ᠪᠤᠯᠭᠠᠬᠤ ᠬᠡᠷᠡᠭᠳᠠᠢ ᠭᠡᠵᠤ ᠱᠠᠭᠠᠷᠳᠠᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠬᠦᠨ ᠢᠶᠠᠷ | ᠬᠠᠯᠠᠮᠵᠢᠯᠠᠨ᠂ ᠪᠠᠳᠤ ᠨᠠᠶᠢᠳᠠᠵᠤ ᠪᠠᠶᠢᠭ᠎ᠠ ᠶᠢ ᠭᠦᠢᠴᠡᠳ ᠢᠯᠡᠷᠡᠭᠦᠯᠵᠦ᠂ ᠦᠪᠦᠷ ᠮᠤᠩᠭᠤᠯ ᠤᠨ ᠡᠯ᠎ᠡ ᠦᠨᠳᠦᠰᠦᠳᠡᠨ ᠤ ᠠᠷᠠᠳ ᠲᠦᠮᠡᠨ ᠤ ᠢᠳᠡᠬᠡᠯ ᠵᠤᠷᠢᠭ ᠢ | ᠬᠦᠪᠴᠢᠯᠡᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠪᠥᠬᠦ ᠲᠠᠯ᠎ᠠ ᠶᠢᠨ᠂ ᠦᠨᠳᠦᠰᠦᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠵᠢᠯᠯᠠᠭᠠᠨ ᠤ ᠵᠦᠭᠯᠡᠭᠦᠷ ᠢ ᠬᠠᠩᠭᠠᠭᠰᠠᠨ ᠪᠠᠶᠢᠨ᠎ᠠ᠃ | ᠪᠥᠬᠦᠳᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭᠠᠨ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠣᠨ ᠴᠢᠬᠤᠯᠠ ᠶᠠᠷᠢᠶ᠎ᠠ ᠨᠢ ᠡᠭᠦᠨ ᠠᠴᠠ ᠡᠮᠦᠨᠡᠬᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠲᠠᠢ ᠤᠶᠠᠯᠳᠤᠨ ᠨᠢᠭᠡᠳᠤᠵᠤ | ᠪᠠᠶᠢᠬᠤ ᠪᠥᠭᠡᠳ ᠪᠠᠰᠠ ᠰᠢᠨ᠎ᠡ ᠥᠷᠭᠡᠵᠢᠯ ᠪᠠ ᠨᠠᠩ ᠥᠨᠳᠥᠷ ᠱᠠᠭᠠᠷᠳᠠᠯᠭ᠎ᠠ ᠲᠠᠢ ᠪᠤᠯᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ᠂ | ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠤ ᠴᠢᠬᠤᠯᠠ ᠶᠡᠭᠡ ᠠᠴᠢ | ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠪᠠᠶᠠᠯᠢᠭ | ᠠᠭᠤᠯᠤᠭᠳᠠᠬᠤᠨ ᠪᠣᠯᠣᠨ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ ᠶᠢᠨ ︽ᠲᠣᠭᠲᠠᠭᠠᠯ︾ ᠤᠨ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠳᠬᠤᠵᠤ᠂ ᠠᠵᠤ ᠦᠢᠯᠡᠰ ᠡᠨᠧᠷᠭᠢ ᠶᠢᠨ ᠲᠡᠰ ᠳᠡᠪᠰᠢᠬᠦ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠬᠢᠵᠢᠭᠦᠯᠬᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠰᠤᠷᠲᠠᠯ ᠢ ᠬᠤᠪᠢᠷᠠᠭᠤᠯᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ ᠶᠢᠨ ᠠᠰᠢᠭᠲᠠᠢ ᠠᠵᠠ | ᠲᠣᠬᠢᠶᠠᠯ ᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠠᠵᠠ ᠲᠣᠬᠢᠶᠠᠯ ᠢ ᠡᠷᠢᠯᠬᠢᠯᠡᠨ᠂ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢ ᠡᠷᠢᠯᠬᠢᠯᠡᠨ᠂ ᠨᠡᠩ | ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ | ᠰᠢᠨ᠎ᠡ ᠵᠠᠮ ᠢ ᠨᠡᠭᠡᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ | ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠶᠣᠰᠣᠭᠠᠷ᠂ | ᠳ᠋ᠦᠩᠱᠧᠩ ᠤᠨ ᠤᠷᠤᠨ ᠪᠠᠶᠢᠷᠢᠰᠢᠯ ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠵᠠᠮ ᠢ ᠬᠦᠴᠦᠯᠡᠨ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠨ᠂ | ᠵᠢᠱᠢᠶᠡᠴᠢ ᠳᠠᠭᠤᠷᠢᠶᠠᠯ ᠪᠣᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠵᠡᠷᠭᠡ | ᠲᠠᠯ᠎ᠠ ᠪᠠᠷ ᠪᠥᠬᠦ ᠬᠦᠴᠦᠨ ᠢᠶᠠᠷ ᠢᠶᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠪᠥᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ | ᠲᠤᠭᠤᠷᠢᠭ ᠤᠨ ᠨᠡᠷᠡᠰ ᠤᠨ ᠵᠢᠭᠰᠠᠭᠠᠯᠲᠠ ᠳᠤ ᠲᠠᠰ ᠳᠡᠪᠰᠢᠬᠦ ᠪᠠᠷ ᠴᠢᠷᠮᠠᠶᠢᠬᠤ ᠬᠡᠷᠡᠭᠲᠡᠢ᠃ ᠵᠢᠱᠢᠶᠡᠴᠢ ᠳᠠᠭᠤᠷᠢᠶᠠᠯ ᠪᠣᠯᠬᠤ ᠪᠠᠷ ᠴᠢᠷᠮᠠᠶᠢᠵᠤ᠂ ᠥᠪᠡᠷᠲᠡᠭᠡᠨ | ᠵᠠᠰᠠᠬᠤ ᠣᠷᠣᠨ ᠪᠣᠯᠣᠨ ᠪᠦᠬᠦ ᠬᠤᠳᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠲᠥᠯᠦᠪᠵᠢᠭᠦᠯᠭᠡ᠂ ᠴᠢᠬᠤᠯᠠ ᠶᠡᠭᠡ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠡᠯ᠎ᠡ ᠠᠵᠢᠯ ᠲᠦᠷᠦᠯ ᠡᠯ᠎ᠡ ᠬᠦᠷᠢᠶ᠎ᠡ ᠴᠠᠷᠠᠨ ᠤ ᠠᠵᠢᠯ ᠢ ᠪᠦᠬᠦ ᠬᠤᠳᠠ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ | ᠪᠦᠬᠦ ᠤᠯᠤᠰ ᠤᠨ ᠬᠡᠪ ᠳᠠᠭᠤᠷᠢᠶᠠᠯ ᠤᠨ ᠲᠦᠪᠰᠢᠨ ᠳᠤ ᠬᠦᠷᠭᠡᠬᠦ ᠪᠠᠷ ᠴᠢᠷᠮᠠᠶᠢᠬᠤ ᠬᠡᠷᠡᠭᠳᠠᠢ ᠭᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠡᠨᠡᠬᠦ ᠢᠯᠡ ᠲᠣᠳᠣ ᠤᠳᠤᠷᠢᠳᠤᠮᠵᠢ ᠶᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠣᠯᠣᠨ ᠪᠦᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠶᠠᠰᠤ ᠴᠢᠨᠠᠷ ᠢ ᠠᠳᠠᠯᠢᠳᠬᠠᠬᠤ᠂ ᠦᠷ᠎ᠡ ᠠᠰᠢᠭ ᠢ ᠬᠥᠭᠡᠭᠡᠴᠡᠯᠳᠦᠬᠦ᠂ ᠪᠦᠲᠦᠴᠡ ᠶᠢ ᠰᠢᠯᠢᠳᠡᠭᠵᠢᠬᠦᠯᠬᠦ᠂ ᠪᠣᠬᠢᠷᠲᠤᠯ | ᠦᠭᠡᠢ ᠬᠥᠭᠵᠢᠯᠲᠡ ᠶᠢ ᠪᠡᠶᠡᠯᠡᠭᠦᠯᠬᠦ ᠳᠡᠭᠡᠷ᠎ᠡ ᠳᠠᠯᠬᠢᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠳᠡᠰᠢ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠪᠦᠬᠦ ᠠᠵᠤ ᠦᠢᠯᠡᠰ ᠤᠨ ᠬᠡᠯᠬᠢᠶᠡᠵᠢᠯ ᠪᠠᠷ | ᠨᠡᠭᠦᠷᠡᠰᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠢᠨ᠎ᠡ ᠬᠠᠭᠤᠴᠢᠨ ᠡᠨᠧᠷᠭᠢ ᠶᠢᠨ ᠶᠡᠷᠦᠩᠬᠡᠢ ᠳᠠᠪᠠᠭᠤᠯᠢᠭ ᠪᠣᠯᠣᠨ | ᠬᠠᠮᠳᠤᠷᠠᠭᠰᠠᠨ ᠳᠠᠪᠠᠭᠤᠯᠢᠭ ᠢ ᠲᠠᠰᠤᠷᠠᠯᠲᠠ ᠦᠭᠡᠢ ᠶᠡᠬᠡᠰᠬᠡᠵᠦ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠪᠴᠢᠶ᠎ᠡ ᠶᠢ | ᠪᠤᠵᠠᠭᠠᠶᠢᠷᠠᠭᠤᠯᠵᠤ᠂ ᠬᠠᠷᠢᠯᠴᠠᠨ ᠨᠥᠬᠦᠪᠦᠷᠢᠯᠡᠬᠦ ᠴᠢᠨᠠᠷᠲᠠᠢ᠂ ᠬᠤᠯᠪᠣᠭᠳᠠᠬᠤ ᠴᠢᠨᠠᠷ ᠢᠶᠠᠷ ᠴᠢᠩᠭ᠎ᠠ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ ᠡᠰᠢᠵᠢᠨ | ᠬᠥᠭᠵᠢᠭᠰᠡᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠦᠨ ᠠᠰᠢᠭᠯᠠᠵᠤ᠂ ︽ᠡᠨᠧᠷᠭᠢ ᠤᠰᠤ ᠠᠮᠤ ᠪᠤᠳᠠᠭ᠎ᠠ ᠠᠭᠤᠷᠬᠠᠢ ᠮᠠᠲ᠋ᠧᠷᠢᠶᠠᠯ︾ ᠢ ᠥᠨᠳᠥᠷ ᠪᠦᠲᠦᠮᠵᠢᠲᠡᠢ ᠠᠰᠢᠭᠯᠠᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠠᠷᠠᠳ ᠢᠶᠠᠷ ᠢᠶᠠᠨ | ᠠᠷᠪᠢᠯᠠᠬᠤ ᠶᠢ ᠶᠡᠭᠡ ᠪᠠᠷ ᠰᠠᠨᠠᠭᠠᠴᠢᠯᠠᠨ᠂ ᠡᠯ᠎ᠡ ᠬᠦᠷᠢᠶ᠎ᠡ ᠴᠠᠷᠠᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ ᠭᠡᠵᠤ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠪᠠᠷ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠠᠷᠢᠨ ᠬᠢᠨᠠᠮᠠᠭᠠᠢ ᠬᠠᠷᠭᠤᠭᠤᠯᠤᠨ | ᠪᠠᠷᠢᠮᠵᠢᠶᠠᠯᠠᠵᠤ᠂ ᠠᠵᠢᠯ ᠢᠶᠠᠨ ᠤᠷᠢᠳᠴᠢᠯᠠᠨ ᠬᠢᠵᠤ᠂ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠤᠨ ᠳ᠋ᠦᠩᠱᠧᠩ ᠳᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠠᠳᠤᠨ ᠭᠤᠣᠯ ᠤᠨ ︽几 ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠪᠠ ᠵᠠᠰᠠᠬᠤ ᠠᠵᠢᠯ ᠢ ᠲᠦᠷᠦᠯ | ᠬᠤᠪᠢᠶᠠᠨ ᠰᠠᠶᠢᠲᠤᠷ ᠠᠳᠬᠤᠵᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠤ ᠠᠬᠤᠢ ᠶᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠬᠥᠬᠡ | ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠢᠯᠢ ᠶᠢᠨ ᠳᠣᠲᠣᠷᠠᠬᠢ ︽ᠲᠠᠪᠤᠨ | ᠶᠡᠭᠡ ᠬᠦᠨᠳᠡᠢ︾ ᠶᠢ ᠵᠠᠰᠠᠬᠤ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠨᠡᠭᠦᠷᠡᠰᠦ ᠵᠥᠭᠡᠭᠡᠪᠦᠷᠢᠯᠡᠬᠦ ᠵᠠᠮ ᠳᠠᠭᠠᠤ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠠ ᠪᠠᠷ ᠶᠢ ᠠᠷᠢᠯᠭᠠᠬᠤ︾ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠵᠠᠪᠰᠠᠷ ᠤᠨ ᠤᠰᠤ ᠶᠢ ᠬᠤᠯᠪᠣᠯᠳᠤᠭᠤᠯᠤᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠲᠦᠷᠭᠡᠨ ᠠᠬᠢᠭᠤᠯᠵᠤ᠂ ᠪᠠᠶᠢᠩᠭᠤᠵᠢᠭᠰᠠᠨ | ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠨ ᠡᠵᠡᠮᠳᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ︽ᠴᠠᠭ ᠢᠮᠠᠭᠲᠠ ᠰᠠᠨᠠᠭ᠎ᠠ | ᠪᠤᠯᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ | ᠬᠥᠮᠦᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠵᠠᠰᠠᠭ ᠤᠨ ᠣᠷᠳᠣᠨ ᠤ ᠥᠷᠢ ᠥᠭᠴᠡᠭᠡ᠂ ᠬᠠᠤᠯᠢ ᠪᠤᠰᠤ ᠪᠠᠷ ᠴᠤᠭᠯᠠᠭᠤᠯᠤᠭᠰᠠᠨ ᠪᠡᠯᠡ ᠮᠥᠩᠭᠦ ᠡᠳ᠋ | ᠬᠥᠷᠥᠩᠭᠡ ᠶᠢ ᠰᠢᠢᠳᠪᠦᠷᠢᠯᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ᠦᠯᠡᠳᠡᠭᠳᠡᠯ ᠠᠰᠠᠭᠤᠳᠠᠯ ᠵᠡᠷᠭᠡ ᠡᠯ᠎ᠡ ᠲᠦᠷᠦᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ︔ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠵᠤ᠂ ᠪᠡᠯᠡᠳᠬᠡᠯ ᠬᠦᠴᠦᠨ ᠤ ᠪᠠᠶᠢᠭᠤᠯᠤᠯᠲᠠ ᠶᠢ ᠪᠣᠳᠠᠲᠠᠢ ᠠᠳᠬᠤᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠢ ᠰᠢᠯᠢᠳᠡᠭᠵᠢᠭᠦᠯᠵᠦ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠲᠥᠬᠦᠭᠡᠷᠦᠮᠵᠢ ᠦᠢᠯᠡᠳᠬᠦ ᠲᠦᠷᠦᠯ ᠵᠦᠢᠯ ᠢ | ᠢᠳᠡᠪᠬᠢᠲᠡᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠣᠶᠤᠨᠲᠤ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ︔ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠵᠢᠩ ᠤᠣ᠂ ᠵᠦᠩ ᠴᠧ᠂ ᠢ ᠯᠢ ᠢ ᠳ᠋ᠣᠣ᠂ ᠴᠢ ᠷᠦᠢ ᠶᠢᠨ ᠬᠤᠶᠠᠳᠤᠭᠠᠷ ᠬᠤᠭᠤᠴᠠᠭ᠎ᠠ᠂ ᠰᠢᠶᠠᠮᠧᠨ ᠤ ᠶᠢᠨ ᠯᠦᠩ᠂ ᠳ᠋ᠦᠩ | ᠹᠧᠩ ᠯᠢᠤᠵᠸᠤ ᠶᠢᠨ ᠮᠠᠰᠢᠨ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠳᠤ ᠣᠷᠣᠬᠤ ᠶᠢ ᠪᠦᠬᠦ | ᠬᠦᠴᠦᠨ ᠢᠶᠠᠷ ᠠᠬᠢᠭᠤᠯᠵᠤ᠂ ᠨᠢᠭᠡ ᠪᠦᠯᠦᠭ ᠵᠠᠭᠤᠨ ᠳ᠋ᠦᠩᠱᠢᠭᠤᠷ ᠳᠡᠰ ᠤᠨ ᠲᠦᠷᠦᠯ ᠵᠤᠶᠢᠯ ᠢᠶᠠᠷ ᠲᠤᠯᠭᠠᠭᠤᠷᠢᠯᠠᠯ ᠪᠤᠯᠭᠠᠭᠰᠠᠨ ᠰᠢᠨ᠎ᠡ ᠡᠨᠧᠷᠬᠢ ᠶᠢᠨ ᠲᠤᠨᠤᠭ | ᠲᠦᠬᠦᠭᠡᠷᠦᠮᠵᠢ ᠤᠶᠢᠯᠡᠳᠬᠦ ᠠᠵᠤ ᠠᠬᠤᠶᠢᠯᠠᠯ ᠤᠨ ᠰᠦᠷᠦᠭᠵᠢᠯ ᠢ ᠬᠦᠴᠦᠯᠡᠨ ᠪᠤᠶᠢᠵᠢᠭᠤᠯᠵᠤ ᠪᠤᠵᠠᠭᠠᠶᠢᠷᠠᠭᠤᠯᠬᠤ ᠬᠡᠷᠡᠭᠳᠠᠢ︔ ᠨᠡᠭᠦᠷᠡᠰᠦᠨ ᠤ ᠮᠠᠰᠢᠨ ᠤ ᠠᠵᠤ | ᠦᠢᠯᠡᠰ ᠤᠨ ᠬᠦᠷᠢᠶᠡᠯᠡᠩ ᠢ ᠬᠦᠴᠦᠯᠡᠨ ᠲᠥᠯᠥᠪᠵᠢᠭᠦᠯᠦᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠬᠦᠷᠢᠶᠡᠯᠡᠩ︾ ᠢ | ᠪᠠᠶᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠢ ᠶᠡᠬᠡᠪᠡᠷ ᠠᠬᠢᠭᠤᠯᠤᠨ᠂ ᠰᠢᠨ᠎ᠡ ᠡᠨᠧᠷᠭᠢ ᠶᠢᠨ ᠣᠶᠤᠨᠴᠢ ᠡᠬᠡ ᠬᠠᠭᠤᠷᠠᠢ ᠶᠢᠨ | ᠭᠠᠷᠠᠮ ᠤᠨ ᠪᠠᠷᠠᠭᠠᠨ ᠤ ᠭᠦᠢᠯᠭᠡᠭᠡᠨ ᠤ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠡᠰ ᠳᠠᠪᠬᠤᠷᠭ᠎ᠠ ᠶᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠲᠣᠭᠤᠷᠢᠨ ᠬᠤᠳᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠠᠵᠤ | ᠠᠬᠤᠢ ᠶᠢ ᠶᠡᠬᠡᠪᠡᠷ ᠬᠦᠭᠵᠢᠬᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ᠂ ᠣᠷᠭᠠᠨᠢᠭ ᠢᠳᠡᠰᠢᠨ ᠨᠣᠭᠤᠭ᠎ᠠ | ᠳᠠᠷᠢᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠤᠶᠢᠯᠡᠳᠪᠤᠷᠢᠯᠡᠬᠦ | ᠵᠡᠷᠭᠡ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ ᠠᠯᠳᠠᠷᠰᠢᠯ ᠪᠠ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ | ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠨ᠎ᠠ︔ ᠢᠮᠠᠭᠠᠨ ᠨᠣᠯᠤᠤᠷ ᠤᠨ ᠠᠵᠤ ᠦᠢᠯᠡᠰ ᠢ ᠬᠥᠭᠵᠢᠭᠦᠯᠦᠨ ᠬᠦᠴᠦᠷᠬᠡᠭᠵᠢᠬᠦᠯᠵᠤ᠂ ᠣᠷᠳᠣᠰ | ᠨᠣᠯᠤᠤᠷ ᠤᠨ ᠨᠡᠬᠡᠮᠡᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ᠂ ᠳᠤᠮᠳᠠ ᠵᠢᠵᠢᠭ ᠨᠣᠯᠤᠤᠷ ᠤᠨ ᠨᠡᠬᠡᠮᠡᠯ ᠤᠨ ᠠᠵᠤ | ᠠᠬᠤᠶᠢᠯᠠᠯ ᠤᠨ ᠰᠢᠨ᠎ᠡ ᠶᠢ ᠡᠭᠦᠳᠴᠦ ᠨᠡᠪᠴᠢᠭᠦᠯᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠣᠯᠤᠤᠷ ᠰᠡᠮᠡᠳᠡᠰᠤ᠂ ᠬᠤᠪᠴᠠᠰᠤ | ᠬᠤᠨᠠᠷ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ | ᠵᠠᠭᠤᠨ ᠳ᠋ᠦᠩᠰᠢᠭᠤᠷ ᠲᠠᠰ ᠤᠨ ᠨᠣᠯᠤᠤᠷ ᠤᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠰᠤᠳᠤᠯᠤᠨ ᠲᠣᠭᠲᠠᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠢᠶᠠᠨ | ᠰᠠᠶᠢᠲᠤᠷ ᠬᠢᠬᠦ ᠶᠢ ᠳᠡᠮᠵᠢᠨ᠎ᠡ︔ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠣᠷᠣᠨ ᠵᠡᠷᠭᠡ | ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠤᠰᠤᠳ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ | ᠠᠪᠴᠤ᠂ ᠳ᠋ᠦᠩᠱᠧᠩ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠪᠦᠬᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠎ᠠ︔ ᠣᠯᠠᠨ ᠤᠯᠤᠰ ᠤᠨ ᠶᠠᠪᠤᠯᠴᠠᠭ᠎ᠠ ᠶᠢ ᠢᠳᠡᠪᠬᠢᠲᠡᠢ ᠥᠷᠭᠡᠳᠬᠡᠵᠦ᠂ ᠡᠸᠦ᠋ᠷᠦᠫᠡ ᠤᠨ ᠤᠯᠤᠰ ᠤᠳ ᠤᠨ ᠦᠢᠯᠡᠳᠬᠦ | ᠦᠢᠯᠡᠰ ᠤᠨ ᠰᠢᠯᠵᠢᠯᠲᠡ ᠶᠢᠨ ᠠᠵᠠ ᠲᠣᠬᠢᠶᠠᠯ ᠢ ᠠᠮᠵᠢᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ︽ᠬᠦᠷᠢᠶᠡᠯᠡᠩ ᠳᠤᠳᠤᠷᠠᠬᠢ | ᠬᠦᠷᠢᠶᠡᠯᠡᠩ︾ ᠢ ᠪᠦᠲᠦᠭᠡᠨ ᠪᠠᠶᠢᠭᠤᠯᠬᠤ ᠶᠢ ᠬᠠᠶᠢᠨ ᠰᠦᠪᠡᠭᠴᠢᠯᠡᠨ᠎ᠡ︔ ᠣᠷᠳᠣᠰ ᠤᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ | ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠬᠦᠨ ᠢᠶᠠᠨ ᠭᠠᠳᠠᠭᠰᠢ | ᠵᠥᠭᠡᠭᠡᠪᠦᠷᠢᠯᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ︔ ᠲᠥᠪ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ | ᠲᠥᠷᠥᠯ ᠵᠦᠢᠯ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤ ᠪᠠᠷ ᠪᠠᠶᠢᠭᠤᠯᠬᠤ ᠪᠠᠷ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠨ᠎ᠡ᠃ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠬᠤᠲᠠ ᠶᠢᠨ ᠨᠠᠮ ᠤᠨ ᠬᠤᠷᠢᠶ᠎ᠠ ᠶᠢᠨ | ︽144610︾ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ︽ᠨᠠᠮ ᠳᠠᠭᠠᠨ ᠳᠠᠯᠠᠷᠬᠠᠵᠤ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ︾ | ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠬᠦᠨᠵᠡᠭᠡᠶᠢᠷᠡᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠲᠤᠭᠤᠷᠢᠭ ᠢ ᠪᠥᠬᠦ ᠲᠠᠯ᠎ᠠ ᠪᠠᠷ ᠡᠭᠦᠳᠦᠨ ᠪᠠᠶᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠨ᠂ ᠡᠯ᠎ᠡ ᠲᠠᠯ᠎ᠠ ᠶᠢᠨ ᠠᠵᠢᠯ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠡᠨᠡ ᠬᠦ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠ ᠦᠨᠡᠨ ᠪᠣᠳᠠᠲᠠᠢ ᠠᠵᠢᠯ ᠤᠨ ᠦᠷ᠎ᠡ ᠪᠦᠲᠦᠭᠡᠯ ᠢ ᠪᠣᠶ | ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠪᠦᠬᠦᠳᠡ ᠬᠤᠷᠠᠯ ᠠᠴᠠ᠂ ᠪᠦᠬᠦ ᠵᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠪᠡᠶᠡᠯᠡᠭᠦᠯᠵᠦ᠂ ᠡᠭᠦᠷᠭᠡ ᠶᠢᠨ ᠠᠬᠢᠴᠠ᠂ ᠲᠦᠷᠦᠯ ᠵᠦᠢᠯ ᠤᠨ ᠪᠡᠯᠡ | ᠣᠷᠣᠭᠤᠯᠤᠯᠲᠠ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠡᠮᠬᠢᠯᠡᠵᠦ᠂ ᠴᠠᠭ ᠢ ᠲᠣᠩᠭᠤᠷᠤᠭᠤᠯᠤᠨ ᠵᠢᠭᠰᠠᠭᠠᠵᠤ᠂ | ᠡᠯ᠎ᠡ ᠵᠦᠢᠯ ᠤᠨ ᠠᠵᠢᠯ ᠤᠨ ᠬᠢᠯᠠᠰ ᠴᠡᠭ ᠲᠠᠢ᠂ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢ ᠴᠢᠩᠭᠠᠷᠠᠭᠤᠯᠤᠨ᠂ ᠴᠢᠳᠠᠪᠤᠷᠢᠲᠠᠨ ᠢ | ︽ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ︾ ᠲᠦᠷᠦ ᠶᠢᠨ ᠪᠣᠳᠣᠯᠭ᠎ᠠ ᠶᠢᠨ ᠲᠤᠭᠳᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠤ᠂ ᠰᠢᠨ᠎ᠡ ᠶᠢ ᠡᠭᠦᠳᠬᠦ | ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠬᠤᠲᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠤᠲᠠ ᠶᠢᠨ ᠨᠠᠷᠢᠯᠢᠭᠵᠢᠭᠤᠯᠤᠭᠰᠠᠨ ᠵᠠᠰᠠᠯᠲᠠ ᠶᠢ ᠭᠦᠨᠵᠡᠭᠡᠢ ᠠᠬᠢᠭᠤᠯᠤᠨ᠂ ᠬᠤᠲᠠ ᠶᠢᠨ ᠰᠣᠶᠣᠯ ᠢ ᠭᠦᠢᠴᠡᠳ ᠠᠭᠤᠳᠠᠯᠵᠤ᠂ ᠲᠤᠷᠰᠢᠯᠭ᠎ᠠ ᠦᠷ᠎ᠡ ᠪᠦᠲᠦᠭᠡᠯ ᠪᠠᠨ | ᠳ᠋ᠦᠩᠨᠡᠨ ᠤᠬᠠᠭᠤᠯᠬᠤ ᠶᠢ ᠴᠢᠩᠭᠠᠳᠬᠠᠨ᠂ ᠳ᠋ᠦᠩᠱᠧᠩ ᠤᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠬᠠᠮᠲᠤ ᠪᠠᠷ ᠪᠠᠶᠠᠵᠢᠬᠤ ᠶᠢ | ᠯᠠᠪᠳᠠᠭᠤᠨ ᠪᠠᠲᠤᠲᠠᠢ ᠠᠬᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠵᠤ᠂ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠨ᠂ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠱᠠᠲᠤ ᠦᠶ᠎ᠡ ᠶᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠠᠯᠬᠤᠮ ᠠᠯᠬᠤᠮ ᠢᠶᠠᠷ ᠪᠣᠶ | ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠡᠬᠦᠳᠡᠭ | ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠨ᠂ ᠠᠯᠢᠪᠠ ᠪᠦᠬᠦᠨ ᠢ ᠶᠡᠭᠡ ᠲᠠᠯ᠎ᠠ ᠳᠤ ᠪᠣᠳᠣᠯᠬᠢᠯᠠᠵᠤ᠂ | ᠠᠯᠢᠪᠠ ᠪᠦᠬᠦᠨ ᠢ ᠶᠡᠭᠡ ᠲᠠᠯ᠎ᠠ ᠳᠤ ᠠᠵᠢᠯᠯᠠᠬᠤ ᠶᠢ ᠡᠷᠡᠰ ᠪᠠᠲᠤ ᠤᠬᠠᠮᠰᠠᠷ ᠠᠴᠠ ᠪᠠᠨ ᠪᠡᠶᠡᠯᠡᠬᠦᠯᠦᠨ᠂ ᠡᠯ᠎ᠡ ᠵᠦᠢᠯ ᠤᠨ ᠠᠵᠢᠯ ᠢ ᠢᠮᠠᠭᠲᠠ ᠨᠠᠮ ᠤᠨ ᠲᠥᠪ | ᠬᠤᠷᠢᠶᠠᠨ ᠤ ᠲᠣᠭᠲᠠᠭᠠᠭᠰᠠᠨ ᠴᠢᠭᠯᠡᠯ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠦᠷᠨᠢᠬᠦᠯᠦᠨ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠬᠦᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ᠂ ᠪᠠᠶᠢᠴᠠᠭᠠᠨ ᠰᠤᠳᠤᠯᠤᠯᠲᠠ ᠶᠢᠨ | ᠠᠷᠭ᠎ᠠ ᠬᠡᠯᠪᠡᠷᠢ ᠶᠢ ᠰᠠᠶᠢᠵᠢᠷᠠᠭᠤᠯᠬᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠪᠠᠶᠢᠴᠠᠭᠠᠨ ᠰᠤᠳᠤᠯᠤᠯᠲᠠ ᠶᠢᠨ | ᠦᠨᠳᠦᠰᠦᠨ ᠪᠣᠯᠪᠠᠰᠤᠷᠠᠯ ᠢ ᠰᠠᠶᠢᠲᠤᠷ ᠪᠤᠯᠪᠠᠰᠤᠷᠠᠭᠤᠯᠤᠨ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠠᠵᠢᠯ | ᠪᠣᠯᠣᠨ ᠰᠢᠢᠳᠪᠦᠷᠢᠲᠦ ᠪᠣᠳᠣᠯᠭ᠎ᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠩ | ᠰᠠᠶᠢᠨ ᠦᠢᠯᠡᠴᠢᠯᠡᠬᠦ ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠠᠵᠢᠯ ᠢ ᠨᠠᠶᠢᠳᠠᠪᠤᠷᠢᠵᠢᠭᠤᠯᠬᠤ ᠲᠠᠯ᠎ᠠ᠂ ᠰᠡᠳᠬᠢᠮᠵᠢ ᠶᠢᠨ ᠰᠢᠨ᠎ᠡ ᠶᠢ ᠡᠭᠦᠳᠬᠦ ᠲᠠᠯ᠎ᠠ᠂ ᠰᠤᠷᠲᠠᠯ ᠢᠶᠠᠨ ᠬᠤᠪᠢᠷᠠᠭᠤᠯᠬᠤ ᠲᠠᠯ᠎ᠠ ᠪᠠᠷ ᠲᠦᠷᠭᠡᠨ ᠪᠤᠳᠠᠳᠠᠢ ᠶᠢ | ᠪᠠᠷᠢᠮᠳᠠᠯᠠᠨ᠂ ᠳ᠋ᠦᠩᠱᠧᠩ ᠤᠨ ᠺᠠᠳ᠋ᠷᠴᠤᠳ ᠤᠨ ᠤᠯᠠᠨ ᠵᠢᠯ ᠤᠨ ᠲᠤᠷᠰᠢ ᠪᠦᠷᠢᠯᠳᠦᠭᠰᠡᠨ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠡᠨ | ᠪᠣᠳᠠᠲᠠᠢ ᠠᠵᠢᠯ ᠤᠨ ᠠᠷᠭ᠎ᠠ ᠬᠡᠮᠵᠢᠶ᠎ᠡ ᠠᠪᠴᠤ᠂ ᠬᠤᠶᠢᠰᠢᠯᠠᠭᠤᠯᠬᠤ ᠦᠭᠡᠢ ᠤᠳᠠᠭᠠᠰᠢᠷᠠᠭᠤᠯᠬᠤ ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ | ᠲᠠᠯ᠎ᠠ ᠪᠠᠷ ᠲᠦᠷᠭᠡᠨ ᠪᠦᠲᠦᠮᠵᠢᠲᠡᠢ ᠪᠠᠷ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠪᠠᠷᠢᠮᠵᠢᠶ᠎ᠠ ᠪᠠᠨ ᠴᠢᠩᠳᠠᠯᠠᠨ᠂ ᠢᠲᠡᠭᠡᠯ ᠵᠣᠷᠢᠭ ᠢᠶᠠᠨ ᠪᠠᠲᠤᠳᠬᠠᠨ | ᠡᠷᠡᠯᠬᠡᠭᠯᠡᠨ ᠤᠷᠤᠭᠰᠢᠯᠠᠵᠤ᠂ ᠵᠢᠱᠢᠶᠡᠴᠢ ᠳᠠᠭᠤᠷᠢᠶᠠᠯ ᠪᠣᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠨ᠂ ᠪᠠᠷᠢᠮᠵᠢᠶ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠲᠤᠷᠰᠢᠯᠭ᠎ᠠ ᠦᠷ᠎ᠡ ᠪᠦᠲᠦᠭᠡᠯ ᠢᠶᠠᠨ ᠳ᠋ᠦᠩᠨᠡᠵᠦ᠂ ︽ᠰᠢᠨ᠎ᠡ ᠵᠠᠮ ᠢ ᠨᠡᠭᠡᠭᠡᠨ᠂ ᠡᠮᠦᠨ᠎ᠡ ᠡᠩᠨᠡᠭᠡᠨ ᠳᠤ | ᠣᠷᠣᠬᠤ ᠪᠠᠷ ᠴᠢᠷᠮᠠᠶᠢᠵᠤ᠂ ᠵᠢᠱᠢᠶᠡᠴᠢ ᠳᠠᠭᠤᠷᠢᠶᠠᠯ ᠪᠣᠯᠬᠤ︾ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠯᠠᠭᠠᠭᠳᠠᠬᠤᠨ᠂ | ᠠᠵᠢᠯ᠂ ᠰᠤᠷᠲᠠᠯ᠂ ᠬᠥᠭᠵᠢᠯᠲᠡ ᠶᠢᠨ ᠲᠠᠯ᠎ᠠ ᠪᠠᠷ ᠪᠠᠷᠢᠮᠵᠢᠶ᠎ᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠢᠶᠠᠨ ᠭᠦᠨᠵᠡᠭᠡᠢ ᠥᠷᠨᠢᠭᠦᠯᠵᠦ᠂ ᠪᠦᠬᠦ | ᠲᠣᠭᠤᠷᠢᠭ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ | ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃ | ᠪᠥᠬᠦᠳᠡ ᠬᠤᠷᠠᠯ ᠳᠡᠭᠡᠷ᠎ᠡ ᠡᠨᠡ ᠵᠢᠯ ᠠᠴᠠ ᠨᠠᠰᠢᠬᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ | ᠦᠨᠡᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ︽ᠲᠠᠪᠤᠨ ᠶᠡᠭᠡ ᠡᠭᠦᠷᠭᠡ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠷ ᠶᠡᠭᠡ ᠶᠠᠪᠤᠳᠠᠯ | ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢᠳᠡᠪᠬᠢᠲᠡᠢ ᠦᠷ᠎ᠡ ᠪᠦᠲᠦᠮᠵᠢ ᠣᠯᠵᠠᠢ᠃ ᠪᠦᠬᠦ ᠲᠤᠭᠤᠷᠢᠭ ᠤᠨ ᠤᠯᠤᠰ | ᠲᠦᠷᠦ ᠶᠢᠨ ᠪᠠᠶᠢᠭᠤᠯᠤᠯᠲᠠ ᠨᠡᠩ ᠬᠦᠴᠦᠲᠡᠢ ᠪᠣᠯᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠰᠠᠶᠢᠨ ᠪᠠᠶᠢᠵᠤ᠂ ᠠᠵᠤ ᠦᠢᠯᠡᠰ ᠤᠨ ᠪᠦᠲᠦᠴᠡ ᠡᠳᠦᠷ | ᠢᠷᠡᠬᠦᠶ᠎ᠡ ᠰᠢᠯᠢᠳᠡᠭᠵᠢᠨ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢᠨ ᠦᠷ᠎ᠡ ᠪᠦᠲᠦᠮᠵᠢ ᠢᠯᠡᠷᠬᠡᠢ ᠪᠣᠯᠵᠤ᠂ ᠠᠮᠢ ᠠᠬᠤᠢ ᠶᠢᠨ ᠣᠷᠴᠢᠨ | ᠲᠣᠭᠤᠷᠢᠨ ᠢᠯᠡᠳᠲᠡ ᠰᠠᠶᠢᠵᠢᠷᠠᠨ᠂ ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠨᠡᠮᠡᠭᠳᠡᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ | ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠪᠠ᠃ | ᠪᠦᠬᠦᠳᠡ ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠠᠵᠢᠯᠳᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠶᠡᠷᠦᠩᠬᠡᠢ | ᠱᠦᠵᠢ ᠶᠢᠨ ᠵᠢᠭᠠᠭᠰᠠᠨ ᠵᠠᠮ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠰᠢᠶᠠᠯ ᠬᠠᠷᠢᠭᠤᠴᠠᠯᠭ᠎ᠠ ᠪᠠᠨ ᠵᠣᠷᠢᠭᠲᠠᠢ ᠪᠠᠷ ᠡᠬᠦᠷᠭᠡᠯᠡᠨ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ | ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠳᠤ ᠬᠢᠷᠢ ᠲᠡᠩᠴᠡᠭᠰᠡᠨ ᠬᠠᠷᠢᠭᠤᠯᠲᠠᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠤᠷᠢᠶᠠᠯᠠᠪᠠ᠃ | |