ᠨᠠᠮᠤᠷ ᠤᠨ ᠠᠭᠤᠷ ᠣᠷᠣᠭᠰᠠᠨ ᠤ ᠳᠠᠷᠠᠭ᠎ᠠ ᠨᠠᠷᠠᠰᠢᠬᠤ ᠠᠴᠠ ᠰᠡᠷᠭᠡᠶᠢᠯᠡᠭᠡᠷᠡᠢ
ᠨᠡᠶᠢᠲᠡᠯᠡᠭᠰᠡᠨ ᠴᠠᠭ᠄
2023/8/14
     ᠲᠦᠷᠦᠭᠦᠭᠡᠨ ᠨᠠᠮᠤᠷ  ᠤᠨ ᠠᠭᠤᠷ ᠣᠷᠣᠭᠰᠠᠨ ᠴᠤ ᠠᠭᠤᠷ ᠠᠮᠢᠰᠬᠤᠯ ᠪᠠᠰᠠ ᠰᠡᠷᠢᠭᠦᠨ ᠲᠠᠭᠠᠯᠠᠮᠵᠢᠲᠠᠢ ᠪᠣᠯᠤᠭ᠎ᠠ ᠦᠭᠡᠢ᠂ ᠡᠶᠢᠮᠦ ᠠᠴᠠ ᠡᠨᠡ ᠦᠶ᠎ᠡ ᠳᠤ ᠨᠠᠮᠤᠷ ᠤᠨ ᠬᠠᠯᠠᠭᠤᠨ ᠠᠭᠤᠷ ᠠᠮᠢᠰᠬᠤᠯ ᠢ ᠰᠡᠷᠭᠡᠶᠢᠯᠡᠵᠦ᠂ ᠢᠲᠡᠭᠡᠨ ᠤᠮᠳᠠᠭᠠᠨ ᠤ ᠲᠠᠯ᠎ᠠ ᠪᠠᠷ᠂ ᠪᠢᠯᠢᠭ ᠢ ᠰᠢᠮᠡᠵᠢᠭᠦᠯᠵᠦ ᠬᠠᠯᠠᠭᠤᠨ ᠢ ᠬᠥᠭᠡᠭᠡᠬᠦ ᠢᠲᠡᠭᠡᠨ ᠢ ᠢᠯᠡᠭᠦᠬᠡᠨ ᠢᠳᠡᠪᠡᠯ ᠵᠣᠬᠢᠨ᠎ᠠ᠃      ᠨᠠᠮᠤᠷ ᠤᠨ ᠬᠤᠷᠴᠠ ᠨᠡᠷᠡᠨ ᠳᠤ ᠬᠥᠮᠥᠨ ᠠᠮᠠᠷᠠᠬᠠᠨ ᠨᠠᠷᠠᠰᠢᠳᠠᠭ ᠪᠣᠯᠬᠤᠷ ᠢᠲᠡᠬᠡᠨ ᠤᠮᠳᠠᠭᠠᠨ ᠤ ᠲᠠᠯ᠎ᠠ  ᠪᠠᠷ ᠨᠣᠭᠤᠭᠠᠨ ᠪᠤᠷᠴᠠᠭ ᠤᠨ ᠰᠥᠮᠥᠰᠦ᠂ ᠬᠦᠴᠢᠯᠢᠭ ᠬᠦᠢᠯᠡᠰᠦ ᠶᠢᠨ ᠰᠥᠮᠥᠰᠦ ᠪᠤᠶᠤ ᠯᠢᠩᠬᠸ᠎ᠠ ᠶᠢᠨ ᠦᠷ᠎ᠡ ᠲᠠᠢ ᠰᠢᠩᠭᠡᠨ ᠪᠤᠳᠠᠭ᠎ᠠ ᠵᠡᠷᠭᠡ ᠶᠢ ᠢᠯᠡᠭᠦᠬᠡᠨ ᠤᠤᠭᠤᠵᠤ ᠪᠣᠯᠣᠨ᠎ᠠ᠃ ᠭᠠᠳᠠᠭᠰᠢ ᠭᠠᠷᠬᠤ ᠳᠠᠭᠠᠨ ᠬᠤᠷᠴᠠ ᠨᠡᠷᠡᠨ ᠤ ᠳᠣᠣᠷ᠎ᠠ ᠤᠳᠠᠭᠠᠨ ᠰᠠᠭᠤᠬᠤ ᠠᠴᠠ ᠵᠠᠶᠢᠯᠠᠰᠬᠢᠵᠦ᠂ ᠨᠠᠷᠠᠰᠢᠬᠤ ᠠᠴᠠ ᠰᠡᠷᠭᠡᠶᠢᠯᠡᠨ ᠴᠠᠭ ᠲᠤᠬᠠᠢ ᠳᠤᠨᠢ ᠤᠰᠤ ᠨᠥᠬᠦᠪᠦᠷᠢᠯᠡᠬᠦ ᠭᠡᠷᠡᠭᠲᠡᠢ᠃ ᠠᠵᠢᠯᠯᠠᠵᠤ ᠠᠮᠠᠷᠠᠬᠤ ᠴᠠᠭ ᠢᠶᠠᠨ ᠵᠣᠬᠢᠰᠲᠠᠢ ᠲᠣᠬᠢᠷᠠᠭᠤᠯᠵᠤ᠂ ᠬᠡᠲᠦᠷᠬᠡᠢ ᠶᠠᠳᠠᠷᠠᠬᠤ  ᠠᠴᠠ ᠵᠠᠶᠢᠯᠠᠰᠬᠢᠬᠦ ᠭᠡᠷᠡᠭᠲᠡᠢ᠃ ᠰᠡᠳᠬᠢᠯᠭᠡ ᠶᠢᠨ ᠲᠠᠯ᠎ᠠ ᠪᠠᠷ ᠪᠠᠴᠢᠮᠳᠠᠨ ᠰᠠᠨᠳᠤᠷᠬᠤ ᠠᠴᠠ ᠵᠠᠶᠢᠯᠠᠰᠬᠢᠵᠦ᠂ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠭᠤ ᠪᠠᠨᠶᠢᠯᠭᠠᠭᠠᠷᠠᠢ᠃      ᠡᠭᠦᠨ ᠠᠴᠠ ᠭᠠᠳᠠᠨ᠎ᠠ᠂ ᠨᠠᠮᠤᠷ ᠤᠨ ᠠᠭᠤᠷ ᠣᠷᠣᠭᠰᠠᠨ ᠤ ᠳᠠᠷᠠᠭ᠎ᠠ᠂ ᠠᠭᠤᠷ ᠠᠮᠢᠰᠬᠤᠯ ᠭᠠᠩ ᠬᠠᠭᠤᠷᠠᠢ ᠪᠣᠯᠵᠤ᠂ ᠠᠷᠠᠰᠤ ᠬᠠᠭᠤᠷᠠᠶᠢᠰᠢᠵᠤ᠂ ᠠᠮᠠ ᠬᠠᠮᠠᠷ ᠠᠮᠠᠷᠬᠠᠨ ᠬᠠᠲᠠᠳᠠᠭ᠂ ᠡᠨᠡ ᠦᠶ᠎ᠡ ᠳᠤ ᠪᠢᠯᠢᠭ ᠢ ᠰᠢᠮᠡᠵᠢᠭᠦᠯᠵᠦ᠂ ᠬᠠᠯᠠᠭᠤᠨ ᠢ ᠬᠥᠭᠡᠭᠡᠳᠡᠭ ᠢᠲᠡᠭᠡᠨ ᠢᠳᠡᠪᠡᠯ ᠵᠣᠬᠢᠨ᠎ᠠ᠃ ᠡᠭᠦᠨ ᠳᠤ᠂ ᠰᠣᠩᠭᠢᠨ᠎ᠠ᠂ ᠭᠠ᠂ ᠰᠠᠷᠢᠮᠰᠠᠭ ᠵᠡᠷᠭᠡ ᠭᠤᠱᠤᠭᠤᠨ ᠢᠲᠡᠭᠡᠨ ᠢ ᠪᠠᠭ᠎ᠠ ᠢᠳᠡᠵᠦ᠂ ᠵᠦᠭᠡᠢ ᠶᠢᠨ ᠪᠡᠯ᠂ ᠮᠥᠩᠭᠦᠨ ᠲᠠᠯᠳᠠᠤ᠂ ᠴᠠᠰᠤᠨ ᠠᠯᠢᠮ᠎ᠠ᠂ ᠰᠠᠷᠠᠨ᠎ᠡ᠂ ᠯᠢᠩᠬᠸ᠎ᠠ ᠶᠢᠨ ᠦᠨᠳᠦᠰᠦ ᠵᠡᠷᠭᠡ ᠰᠢᠬᠢᠷᠯᠢᠭ ᠪᠤᠶᠤ ᠢᠰᠬᠦᠯᠡᠩ ᠠᠮᠲᠠᠲᠠᠢ ᠢᠳᠡᠭᠡᠨ ᠢ ᠢᠯᠡᠭᠦᠦ ᠢᠳᠡᠪᠡᠯ ᠵᠣᠬᠢᠨ᠎ᠠ᠃
ᠢᠷᠡᠯᠲᠡ᠄ ︽ᠦᠪᠦᠷ ᠮᠤᠩᠭᠤᠯ ᠤᠨ ᠮᠤᠩᠭᠤᠯ ᠷᠠᠳᠢᠤ᠋︾ ᠵᠢᠷᠬᠢᠶ᠎ᠡ ᠳᠠᠪᠴᠠᠩ