【ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠤᠶ᠎ᠠ】ᠪᠡᠯᠡᠬᠡᠨ ᠢᠳᠡᠬᠡᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠳᠠᠯ ᠦᠭᠡᠢ ᠠᠰᠢᠭᠯᠠᠯᠲᠠ ᠳᠤ ᠤᠷᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/8/15
ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮᠵᠢᠯ ᠳᠤ 25 ᠲᠦᠮᠡᠨ ᠲᠣᠨ ᠪᠡᠯᠡᠬᠡᠨ ᠢᠳᠡᠬᠡᠨ ᠦᠢᠯᠡᠳᠪᠦᠷᠢᠯᠡᠨ᠎ᠡᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠤᠶᠤᠨᠳᠤ ᠲᠥᠪ ᠲᠣᠭᠤᠭᠠᠨ ᠭᠡᠷ ᠠᠰᠢᠭᠯᠠᠯᠲᠠ ᠳᠤ ᠣᠷᠣᠬᠤ ᠪᠠᠷ ᠪᠣᠶᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 3 ᠳ᠋ᠦᠩᠰᠢᠭᠤᠷ ᠲᠥᠭᠦᠷᠢᠭ ᠲᠤ ᠬᠦᠷᠦᠨ᠎ᠡᠭᠤᠷᠪᠠᠨ ᠠᠵᠤ ᠦᠢᠯᠡᠰ ᠠᠭᠤᠰᠤᠯᠴᠠᠨ ᠲᠠᠷᠢᠶᠠᠯᠠᠩ ᠤᠨ ᠬᠥᠭᠵᠢᠯᠲᠡ ᠶᠢ ᠳᠠᠶᠢᠴᠢᠯᠠᠨ᠎ᠠ       ᠤᠷᠴᠢᠮ ᠤᠨ ᠬᠤᠭᠤᠴᠠᠭᠠᠨ ᠳᠤ᠂ ᠣᠷᠳᠣᠰ ᠤᠨ ᠸᠠᠨ ᠫᠦ᠋ ᠢᠳᠡᠬᠡᠨ ᠤ ᠭᠠᠵᠠᠷ ᠪᠡᠯᠡᠬᠡᠨ ᠢᠳᠡᠬᠡᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠤᠶᠤᠨᠳᠤ ᠲᠥᠪ ᠲᠣᠭᠤᠭᠠᠨ ᠭᠡᠷ ᠤᠨ ᠲᠥᠬᠦᠭᠡᠷᠦᠮᠵᠢ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠶᠠᠭ ᠰᠠᠶᠢᠬᠠᠨ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠶᠢᠨ᠎ᠠ᠃ ᠲᠣᠰ ᠲᠥᠷᠥᠯ ᠵᠦᠢᠯ ᠨᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠡᠨᠧᠷᠭᠢ᠂ ᠰᠠᠭᠤᠷᠢ ᠠᠵᠤ ᠦᠢᠯᠡᠰ ᠲᠤ ᠲᠦᠰᠢᠭᠯᠡᠨ᠂ ᠪᠡᠯᠡᠬᠡᠨ ᠨᠣᠭᠤᠭ᠎ᠠ ᠪᠠᠷ ᠭᠤᠣᠯ ᠪᠣᠯᠭᠠᠵᠤ᠂ ᠬᠤᠳᠠᠯᠳᠤᠨ ᠠᠪᠬᠤ᠂ ᠦᠢᠯᠡᠳᠪᠦᠷᠢᠯᠡᠬᠦ᠂  ᠪᠤᠯᠪᠠᠰᠤᠷᠠᠭᠤᠯᠬᠤ᠂ ᠪᠣᠭᠤᠳᠠᠯᠯᠠᠬᠤ ᠶᠢ ᠨᠢᠭᠡ ᠴᠣᠭᠴᠠᠵᠢᠭᠤᠯᠤᠭᠰᠠᠨ ᠵᠢᠵᠢᠭᠯᠡᠨ ᠬᠤᠳᠠᠯᠳᠤᠬᠤ ᠠᠵᠤ ᠦᠢᠯᠡᠰ ᠤᠨ ᠰᠢᠨ᠎ᠡ ᠬᠡᠯᠬᠢᠶ᠎ᠡ ᠶᠢ ᠪᠣᠶ ᠪᠣᠯᠭᠠᠨ᠎ᠠ᠃      ︽ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠤᠶᠤᠨᠳᠤ ᠲᠥᠪ ᠲᠣᠭᠤᠭᠠᠨ ᠭᠡᠷ ᠢ 8 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠂ ᠦᠢᠯᠡᠳᠪᠦᠷᠢᠯᠡᠯ ᠤᠨ ᠱᠤᠭᠤᠮ ᠤᠨ 80% ᠨᠢ ᠣᠶᠤᠨᠴᠢᠯᠠᠭᠰᠠᠨ ᠲᠥᠬᠦᠭᠡᠷᠦᠮᠵᠢ ᠪᠣᠯᠣᠨ᠎ᠠ᠂ ᠵᠢᠱᠢᠯᠲᠡ ᠪᠠᠷ ᠨᠢᠭᠡ ᠡᠳᠦᠷ ᠤᠨ ᠭᠠᠷᠤᠯᠲᠠ ᠨᠢ 8 ᠠᠴᠠ 10 ᠲᠦᠮᠡᠨ ᠬᠤᠪᠢ ᠪᠠᠶᠢᠵᠤ᠂ ᠬᠤᠶᠢᠰᠢᠳᠠ ᠬᠤᠶᠠᠷ ᠬᠤᠭᠤᠴᠠᠭᠠᠨ ᠤ ᠲᠦᠷᠦᠯ ᠵᠦᠢᠯ ᠪᠦᠬᠦᠨ ᠢᠶᠠᠷ ᠢᠶᠠᠨ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ 25 ᠲᠦᠮᠡᠨ ᠲᠣᠨ ᠦᠢᠯᠡᠳᠪᠦᠷᠢᠯᠡᠵᠦ᠂ ᠲᠤᠬᠠᠢ ᠶᠢᠨ ᠦᠶ᠎ᠡ ᠳᠤ ᠡᠷᠬᠢᠨ ᠲᠣᠭᠤᠷᠢᠨ ᠤ ᠬᠥᠳᠡᠭᠡ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠪᠣᠯᠣᠨ᠎ᠠ︾᠃           — ᠣᠷᠳᠣᠰ ᠬᠤᠳᠠ ᠶᠢᠨ ᠸᠠᠨ ᠫᠦ᠋ ᠢᠳᠡᠬᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ  ᠰᠢᠶᠠ ᠰᠢᠤᠸᠠᠢ ᠹᠧᠩ      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ ᠨᠢ 1.28 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 3000 ᠲᠦᠮᠡᠨ ᠬᠤᠪᠢ ᠢᠳᠡᠬᠡᠨ ᠢ ᠦᠢᠯᠡᠳᠪᠤᠷᠢᠯᠡᠵᠤ ᠳᠡᠶᠢᠯᠬᠦ ᠲᠥᠪ ᠲᠣᠭᠤᠭᠠᠨ ᠭᠡᠷ ᠤᠨ ᠭᠠᠷᠤᠯᠳᠠ ᠶᠢᠨ ᠣᠷᠣᠨ ᠢ ᠪᠠᠶᠢᠭᠤᠯᠵᠤ᠂ ᠪᠠᠶᠢᠭᠠᠯᠢᠭ ᠰᠤᠷᠭᠤᠭ ᠢᠳᠡᠰᠢᠨ ᠨᠣᠭᠤᠭ᠎ᠠ᠂ ᠮᠢᠬᠠᠨ ᠤ ᠵᠦᠢᠯ᠂ ᠭᠤᠯᠢᠷ᠂ ᠹᠧᠨᠲ᠋ᠢᠶᠣᠤᠷ᠂ ᠳᠤᠳᠤᠷᠭᠠᠨ ᠪᠤᠳᠠᠭ᠎ᠠ ᠵᠡᠷᠭᠡ 6 ᠵᠦᠢᠯ ᠤᠨ ᠭᠠᠷᠤᠯᠲᠠ ᠶᠢᠨ ᠱᠤᠭᠤᠮ ᠲᠠᠢ ᠪᠣᠯᠭᠠᠵᠤ᠂ ︽ᠰᠠᠭᠤᠷᠢᠨ ᠭᠠᠵᠠᠷ ᠠᠴᠠ ᠰᠢᠭᠤᠳ ᠬᠤᠳᠠᠯᠳᠤᠨ ᠠᠪᠬᠤ + ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ + ᠲᠣᠬᠢᠷᠠᠭᠤᠯᠤᠨ ᠬᠦᠷᠭᠡᠬᠦ ᠦᠢᠯᠡᠴᠢᠯᠡᠭᠡ + ᠳᠡᠯᠭᠡᠭᠦᠷ ᠤᠨ ᠪᠣᠷᠤᠯᠠᠭᠤᠯᠭ᠎ᠠ︾ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠠᠵᠢᠯᠯᠠᠭᠠᠨ ᠤ ᠵᠠᠭᠪᠤᠷ ᠢ ᠪᠠᠶᠢᠭᠤᠯᠬᠤ ᠪᠠᠷ ᠲᠥᠯᠥᠪᠯᠡᠵᠦ ᠪᠣᠶ᠃ ᠨᠢᠬᠡᠳᠤᠬᠡᠷ ᠬᠤᠭᠤᠴᠠᠭᠠᠨ ᠤ ᠲᠦᠷᠦᠯ ᠵᠦᠢᠯ ᠠᠰᠢᠭᠯᠠᠯᠳᠠ ᠳᠤ ᠤᠷᠤᠭᠰᠠᠨ ᠤ ᠳᠠᠷᠠᠭ᠎ᠠ ᠵᠢᠯ ᠤᠨ ᠡᠵᠡᠩᠨᠡᠯᠳᠡ ᠶᠢᠨ ᠤᠷᠤᠯᠭ᠎ᠠ ᠨᠢ 3 ᠳ᠋ᠦᠩᠰᠢᠭᠤᠷ ᠲᠥᠭᠦᠷᠢᠭ ᠲᠤ ᠬᠦᠷᠦᠨ᠎ᠡ᠃       ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠠ ᠵᠠᠩᠭᠢᠯᠠᠭ᠎ᠠ ᠪᠣᠯᠣᠨ᠎ᠠ᠃ ᠳ᠋ᠦᠩᠱᠧᠩ ᠲᠣᠭᠤᠷᠢᠭ ᠤᠨ ᠬᠢᠨ ᠬᠥᠳᠡᠭᠡ ᠠᠵᠤ ᠠᠬᠤᠢ ᠶᠢᠨ ᠤᠯᠠᠨ ᠵᠦᠢᠯ ᠤᠨ ᠴᠢᠳᠠᠪᠬᠢ ᠶᠢ ᠬᠥᠭᠵᠢᠭᠦᠯᠬᠦ ᠳᠤ ᠠᠩᠬᠠᠷᠤᠯ ᠢᠶᠠᠨ ᠲᠦᠪᠯᠡᠷᠡᠬᠦᠯᠦᠨ᠂ ᠬᠥᠳᠡᠭᠡ ᠲᠣᠰᠬᠤᠨ ᠤ ᠤᠯᠠᠨ ᠡᠰᠢᠲᠦ ᠦᠷᠳᠡᠭ ᠢ ᠠᠭᠤᠳᠠᠯᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠷᠥᠩᠭᠡ ᠶᠢᠨ ᠡᠬᠢ ᠪᠠᠶᠠᠯᠢᠭ ᠢ ᠠᠮᠢᠯᠠᠭᠤᠯᠵᠤ᠂ ᠳᠠᠪᠠᠭᠤᠯᠢᠭ ᠢᠶᠠᠷ ᠢᠯᠡᠷᠬᠡᠢ᠂ ᠣᠨᠴᠠᠯᠢᠭ ᠢᠶᠠᠷ ᠢᠯᠡ ᠲᠣᠳᠣ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠪᠠ᠃ ᠤᠳᠤᠬᠠᠨ ᠪᠣᠯᠲᠠᠯ᠎ᠠ᠂ ᠨᠢᠬᠡᠨᠳᠡ 52 ᠠᠵᠤ ᠠᠬᠤᠶᠢᠯᠠᠯ ᠨᠢ ᠲᠠᠷᠢᠶᠠᠴᠢᠨ ᠡᠷᠦᠬᠡ ᠲᠠᠢ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠤᠯᠴᠠᠯ ᠤᠨ ᠲᠣᠭᠲᠠᠴᠠ ᠶᠢ ᠪᠠᠶᠢᠭᠤᠯᠵᠤ᠂ ᠳᠠᠷᠢᠶᠠᠴᠢᠳ ᠲᠠᠢ ᠬᠤᠯᠪᠤᠭᠠᠯᠠᠨ ᠲᠠᠷᠢᠶᠠᠯᠠᠩ ᠤᠨ ᠦᠢᠯᠡᠰ ᠢ ᠳᠠᠶᠢᠴᠢᠯᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃  
ᠢᠷᠡᠯᠲᠡ᠄ ᠳᠤᠰ ᠰᠦᠯᠵᠢᠶ᠎ᠡ