ᠦᠪᠦᠷ ᠮᠤᠩᠭᠤᠯ ᠤᠨ ᠨᠡᠶᠢᠬᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠬᠡᠨ ᠤ ᠲᠦᠪ ᠠᠴᠠ | ᠦᠢᠯᠠᠭᠠᠭᠰᠠᠨ ᠢᠶᠠᠷ᠂ ᠮᠠᠨ ᠤ ᠤᠷᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ | ᠬᠡᠮ ᠤᠨ ᠬᠡᠷᠡᠴᠢᠯᠡᠯ ᠤᠨ ᠴᠠᠭ ᠢ 8 ᠰᠠᠷ᠎ᠠ ᠶᠢᠨ 31 ᠤ ᠡᠳᠤᠷ ᠪᠤᠯᠳᠠᠯ᠎ᠠ ᠤᠷᠳᠤᠳᠬᠠᠵᠤ᠂ ᠡᠨᠡ ᠬᠤᠭᠤᠴᠠᠭᠠᠨ | ᠳᠤ ᠡᠮᠬᠢ ᠵᠢᠷᠦᠮ ᠲᠠᠢ ᠪᠠᠷ ᠬᠡᠷᠡᠴᠢᠯᠡᠯ ᠤᠨ ᠠᠵᠢᠯ ᠢ ᠦᠷᠬᠦᠯᠵᠢᠯᠡᠬᠦᠯᠬᠦ ᠪᠤᠯᠤᠨ᠎ᠠ᠃ | ᠳᠠᠨᠢᠯᠴᠠᠭᠤᠯᠤᠭᠰᠠᠨ ᠢᠶᠠᠷ᠂ ᠦᠢᠷ᠎ᠠ ᠶᠢᠨ ᠬᠤᠭᠤᠴᠠᠭᠠᠨ ᠳᠤ᠂ ᠬᠠᠷᠠᠭᠠᠯᠵᠠᠯ ᠤᠨ ᠬᠢᠷᠢ ᠬᠡᠮ ᠤᠨ | ᠬᠡᠷᠡᠴᠢᠯᠡᠯ ᠬᠢᠯᠬᠡᠬᠦ ᠬᠦᠮᠦᠨ ᠨᠡᠯᠢᠶᠡᠳ ᠤᠯᠠᠨ ᠪᠤᠯᠤᠭᠰᠠᠨ ᠠᠴᠠ ᠰᠦᠯᠵᠢᠶᠡᠨ ᠲᠦᠭᠵᠢᠷᠡᠯ ᠡᠬᠦᠰᠴᠤ᠂ ᠤᠳᠤᠬᠠᠨ | ᠳᠤ ᠶᠠᠭ ︽ᠦᠪᠦᠷ ᠮᠤᠩᠭᠤᠯ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ | APP︾᠂ ︽ᠦᠪᠦᠷ ᠮᠤᠩᠭᠤᠯ ᠤᠨ ᠨᠡᠶᠢᠬᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠬᠡᠨ ᠤ ᠲᠦᠪ︾ | ᠤᠨ ᠵᠢᠷᠬᠢᠶ᠎ᠡ ᠶᠢᠨ ᠳᠠᠪᠴᠠᠩ ᠢ ᠳᠡᠰ ᠳᠡᠪᠰᠢᠬᠦᠯᠵᠤ᠂ ᠦᠢᠯᠡᠴᠢᠯᠡᠭᠡ ᠪᠠᠨ ᠠᠯᠢ ᠲᠦᠷᠬᠡᠨ ᠢᠶᠠᠷ ᠰᠡᠷᠬᠦᠬᠡᠬᠦ ᠪᠠᠷ | ᠪᠠᠶᠢᠨ᠎ᠠ᠃ ᠤᠳᠤ ᠭᠠᠷ ᠤᠳᠠᠰᠤᠨ ᠤ 12333᠂ ᠡᠯᠧᠺᠲᠷᠤᠨ ᠨᠡᠶᠢᠬᠡᠮ ᠤᠨ ᠪᠠᠳᠤᠯᠠᠭ᠎ᠠ ᠶᠢᠨ ᠺᠠᠷᠲ ᠵᠡᠷᠬᠡ | ᠠᠷᠭ᠎ᠠ ᠵᠠᠮ ᠢᠶᠠᠷ ᠬᠡᠷᠡᠴᠢᠯᠡᠯ ᠬᠢᠵᠤ ᠪᠤᠯᠤᠨ᠎ᠠ᠃ ᠭᠠᠷ ᠤᠳᠠᠰᠤᠨ ᠤ 12333 ᠪᠠᠷ ᠬᠡᠷᠡᠴᠢᠯᠡᠯ ᠬᠢᠯᠬᠡᠬᠦ ᠠᠷᠭ᠎ᠠ᠄ | ︽12333 ︾ APP ᠶᠢ ᠪᠠᠭᠤᠯᠭᠠᠨ ᠠᠪᠴᠤ᠂ ᠳᠠᠩᠰᠠᠯᠠᠭᠤᠯᠤᠭᠰᠠᠨ ᠤ ᠳᠠᠷᠠᠭ᠎ᠠ᠂ ᠲᠦᠷᠦᠬᠦᠦ ᠨᠢᠭᠤᠷ ᠲᠠᠬᠢ | ︽ᠬᠠᠷᠠᠭᠠᠯᠵᠠᠯ ᠤᠨ ᠬᠢᠷᠢ ᠬᠡᠮ ᠤᠨ ᠬᠡᠷᠡᠴᠢᠯᠡᠯ︾ ᠢ ᠡᠷᠢᠵᠤ ᠬᠡᠷᠡᠴᠢᠯᠡᠭᠡ ᠬᠢᠨ᠎ᠡ᠃ ᠡᠯᠧᠺᠲᠷᠤᠨ ᠨᠡᠶᠢᠬᠡᠮ ᠤᠨ | ᠪᠠᠳᠤᠯᠠᠭ᠎ᠠ ᠶᠢᠨ ᠺᠠᠷᠲ ᠢᠶᠠᠷ ᠬᠡᠷᠡᠴᠢᠯᠡᠯ ᠬᠢᠯᠬᠡᠬᠦ ᠠᠷᠭ᠎ᠠ᠄ ︽ᠡᠯᠧᠺᠲᠷᠤᠨ ᠨᠡᠶᠢᠬᠡᠮ ᠤᠨ ᠪᠠᠳᠤᠯᠠᠭ᠎ᠠ ᠶᠢᠨ ᠺᠠᠷᠲ︾ | ᠤᠨ APP ᠶᠢ ᠪᠠᠭᠤᠯᠭᠠᠬᠤ ᠪᠤᠶᠤ ᠵᠢᠷᠬᠢᠶ᠎ᠡ ᠶᠢᠨ ᠵᠢᠵᠢᠭ ᠫᠷᠤᠭ᠍ᠷᠠᠮ ᠵᠡᠷᠬᠡ ᠪᠠᠷ ᠳᠠᠩᠰᠠᠯᠠᠭᠤᠯᠤᠭᠰᠠᠨ ᠤ ᠳᠠᠷᠠᠭ᠎ᠠ᠂ | ᠲᠦᠷᠦᠬᠦᠦ ᠨᠢᠭᠤᠷ ᠲᠤᠨᠢ ︽ᠬᠠᠷᠠᠭᠠᠯᠵᠠᠯ ᠤᠨ ᠬᠢᠷᠢ ᠬᠡᠮ ᠤᠨ ᠬᠡᠷᠡᠴᠢᠯᠡᠯ︾ ᠢ ᠡᠷᠢᠵᠤ ᠬᠡᠷᠡᠴᠢᠯᠡᠨ᠎ᠡ᠃ |