ᠵᠧᠩ ᠽᠥᠩ ᠹᠠᠨ ︵1908 —1947︶
ᠨᠡᠶᠢᠲᠡᠯᠡᠭᠰᠡᠨ ᠴᠠᠭ᠄
2023/8/15
     ᠨᠦᠭᠦᠭᠡ ᠨᠡᠷ᠎ᠡ ᠨᠢ ᠳ᠋ᠧᠩ ᠹᠠ ᠼᠠᠢ᠂ ᠳ᠋ᠧᠩ ᠺᠠᠢ ᠭᠡᠳᠡᠭ᠂ ᠬᠢᠲᠠᠳ ᠦᠨᠳᠦᠰᠦᠲᠡᠨ᠂ 1908 ᠣᠨ ᠳᠤ  ᠯᠢᠶᠤᠤᠨᠢᠩ ᠮᠤᠵᠢ ᠶᠢᠨ ᠯᠢᠶᠤᠤ ᠵᠦᠩ ᠰᠢᠶᠠᠨ ᠤ ᠯᠣᠣ ᠭᠤᠸᠠᠨ ᠲᠦᠸᠧ ᠰᠢᠶᠠᠩ ᠤᠨ ᠳ᠋ᠠ ᠯᠠᠨ ᠲᠦᠸᠧ ᠲᠣᠰᠬᠤᠨ ᠳᠤ ᠲᠦᠷᠦᠪᠡ᠃    ᠵᠧᠩ ᠽᠥᠩ ᠹᠠᠨ 8 ᠨᠠᠰᠤᠲᠠᠢ ᠳᠠᠭᠠᠨ ᠲᠣᠰᠬᠤᠨ ᠤ ᠪᠠᠨ ᠪᠠᠭ᠎ᠠ ᠰᠤᠷᠭᠠᠭᠤᠯᠢ ᠳᠤ ᠣᠷᠣᠵᠤ᠂ 12 ᠨᠠᠰᠤᠲᠠᠢ ᠳᠠᠭᠠᠨ ᠯᠢᠶᠤᠤ ᠵᠦᠩ ᠰᠢᠶᠠᠨ ᠤ ᠬᠤᠲᠠ  ᠶᠢᠨ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠰᠢᠯᠭᠠᠨ ᠣᠷᠣᠵᠤ᠂ 14 ᠨᠠᠰᠤᠲᠠᠢ ᠳᠠᠭᠠᠨ ᠯᠢᠶᠤᠤ ᠵᠦᠩ ᠤᠨ ᠪᠠᠭᠰᠢ ᠶᠢᠨ ᠰᠤᠷᠭᠠᠭᠤᠯᠢ ᠳᠤ ᠳᠡᠪᠰᠢᠪᠡ᠃ ᠰᠤᠷᠭᠠᠭᠤᠯᠢ ᠳᠤ ᠪᠠᠶᠢᠬᠤ ᠳᠠᠭᠠᠨ ᠲᠡᠷᠡ ᠡᠯ᠎ᠡ ᠲᠦᠷᠦᠯ ᠤᠨ ᠬᠢᠴᠢᠶᠡᠯ ᠳᠡᠭᠡᠨ ᠰᠢᠯᠢᠳᠡᠭ ᠰᠠᠶᠢᠨ ᠬᠢᠷᠢ ᠪᠦᠲᠦᠮᠵᠢ ᠣᠯᠣᠭᠰᠠᠨ ᠢᠶᠠᠷ ᠦᠯᠦ ᠪᠠᠷᠠᠮ᠂ ᠢᠯᠠᠩᠭᠤᠶ᠎ᠠ ᠰᠢᠯᠦᠭ ᠵᠣᠬᠢᠶᠠᠯ᠂ ᠤᠷᠠᠨ ᠵᠢᠷᠤᠭ ᠲᠤ ᠭᠠᠷᠮᠠᠭᠠᠢ ᠪᠠᠶᠢᠵᠤ᠂ ᠤᠯᠠᠨ ᠰᠤᠷᠤᠭᠴᠢᠳ ᠤᠨ ᠳᠣᠲᠣᠷ᠎ᠠ ᠠᠴᠠ ᠣᠷᠣᠶᠢᠯᠠᠭᠴᠢ ᠨᠢ ᠪᠣᠯᠤᠭᠰᠠᠨ ᠪᠠᠶᠢᠨ᠎ᠠ᠃ ᠳᠤᠮᠳᠠᠳᠤ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ᠂ ᠲᠡᠷᠡ ᠪᠠᠰᠠ ᠵᠡᠭᠦᠨ ᠬᠤᠶᠢᠲᠤ ᠶᠢᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠰᠠᠯᠪᠤᠷᠢ ᠳᠤ ᠰᠢᠯᠭᠠᠨ ᠣᠷᠣᠪᠠ᠃ ᠶᠡᠭᠡ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠲᠡᠷᠡ ᠨᠢᠭᠡ ᠲᠠᠯ᠎ᠠ ᠪᠠᠷ ᠮᠠᠷᠠᠶᠢᠨ ᠴᠢᠷᠮᠠᠶᠢᠨ ᠰᠤᠷᠤᠯᠴᠠᠨ᠂ ᠨᠦᠭᠦᠭᠡ ᠲᠠᠯ᠎ᠠ ᠪᠠᠷ ᠥᠷᠭᠡᠨ ᠢᠶᠠᠷ ᠨᠠᠶᠢᠵᠠᠯᠠᠵᠤ᠂ ᠨᠠᠶᠢᠵᠠ ᠨᠦᠬᠦᠳ ᠲᠠᠢ ᠪᠠᠨ ᠴᠠᠭ ᠦᠶ᠎ᠡ ᠶᠢᠨ ᠪᠠᠶᠢᠳᠠᠯ ᠢ ᠶᠠᠷᠢᠯᠴᠠᠳᠠᠭ ᠪᠠᠶᠢᠪᠠ᠃ ︽9 ·18︾ ᠤ ᠬᠡᠷᠡᠭ ᠬᠤᠪᠢᠰᠤᠯ ᠤᠨ ᠲᠠᠷᠠᠭ᠎ᠠ᠂ ᠣᠯᠣᠰ ᠦᠨᠳᠦᠰᠦᠲᠡᠨ ᠮᠥᠬᠦᠯ ᠤᠨ ᠠᠶᠤᠯ ᠳᠤ ᠲᠤᠯᠭᠠᠷᠠᠭᠰᠠᠨ ᠲᠦᠢᠯ ᠤᠨ ᠲᠦᠭᠰᠢᠭᠦᠷᠢᠲᠡᠢ ᠦᠶ᠎ᠡ ᠳᠤ᠂ ᠲᠡᠷᠡ ᠶᠡᠬᠡᠳᠡ ᠰᠡᠳᠬᠢᠯ ᠵᠣᠪᠠᠵᠤ᠂ ᠴᠢᠷᠮᠠᠶᠢᠨ ᠪᠢᠴᠢᠭ ᠡᠷᠳᠡᠮ ᠰᠣᠷᠣᠯᠴᠠᠵᠤ᠂ ᠤᠯᠤᠰ ᠢᠶᠠᠨ ᠠᠪᠤᠷᠠᠵᠤ ᠠᠷᠠᠳ ᠢᠶᠠᠨ ᠠᠪᠤᠷᠠᠬᠤ ᠠᠷᠭ᠎ᠠ ᠵᠠᠮ ᠢ ᠡᠷᠢᠯᠬᠢᠯᠡᠬᠦ ᠪᠠᠷ ᠵᠣᠷᠢᠭ ᠰᠢᠭᠤᠳᠴᠠᠢ᠃    1935 ᠣᠨ ᠳᠤ᠂ ᠵᠧᠩ ᠽᠥᠩ ᠹᠠᠨ ᠵᠡᠭᠦᠨ ᠬᠤᠶᠢᠲᠤ ᠣᠷᠣᠨ ᠤ ᠶᠡᠭᠡ ᠰᠤᠷᠭᠠᠭᠤᠯᠢ ᠠᠴᠠ ᠲᠡᠭᠦᠰᠪᠡ᠃ ᠮᠦᠨ ᠵᠢᠯ ᠳᠤ᠂ ᠶᠠᠭ ᠶᠠᠫᠤᠨ ᠡᠵᠡᠷᠬᠡᠭ ᠲᠦᠷᠢᠮᠡᠬᠡᠶᠢᠲᠡᠳ ᠬᠤᠸᠠᠪᠸᠢ ᠣᠷᠣᠨ ᠳᠤ ᠶᠡᠬᠡᠪᠡᠷ ᠲᠦᠷᠢᠮᠡᠬᠡᠶᠢᠯᠡᠯ ᠶᠠᠪᠣᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠶᠠᠫᠤᠨ ᠢ ᠡᠰᠡᠷᠭᠦᠴᠡᠨ ᠤᠯᠤᠰ ᠢᠶᠠᠨ ᠠᠪᠤᠷᠠᠬᠤ ᠲᠣᠬᠠᠢ ᠪᠦᠬᠦ ᠤᠯᠤᠰ ᠤᠨ ᠠᠬ᠎ᠠ ᠳᠡᠭᠦᠦ ᠨᠠᠷ ᠲᠤ ᠮᠡᠳᠡᠭᠳᠡᠬᠦ ᠪᠢᠴᠢᠭ︾ ᠪᠣᠯᠣᠨ ︽ᠶᠠᠫᠤᠨ ᠡᠵᠡᠷᠬᠡᠭ ᠲᠦᠷᠢᠮᠡᠬᠡᠶᠢᠲᠡᠨ ᠤ ᠬᠤᠸᠠᠪᠸᠢ ᠣᠷᠣᠨ ᠢ ᠵᠠᠯᠭᠢᠬᠤ ᠵᠢᠴᠢ ᠵᠢᠶᠠᠩ ᠵᠢᠶᠧ ᠱᠢ ᠶᠢᠨ ᠳᠤᠮᠳᠠᠳᠤ ᠤᠯᠤᠰ ᠢ ᠬᠤᠳᠠᠯᠳᠤᠬᠤ ᠲᠣᠬᠠᠢ ᠲᠤᠩᠬᠠᠭ︾ ᠤᠨ ᠤᠷᠢᠶᠠᠯᠠᠭ᠎ᠠ ᠪᠠᠷ᠂ 12 ᠰᠠᠷ᠎ᠠ ᠶᠢᠨ 9 ᠤ ᠡᠳᠦᠷ᠂ ᠪᠡᠭᠡᠵᠢᠩ ᠤᠨ ᠡᠬᠡ ᠣᠷᠣᠨᠴᠢ ᠰᠤᠷᠤᠭᠴᠢᠳ ᠶᠠᠫᠤᠨ ᠢ ᠡᠰᠡᠷᠭᠦᠴᠡᠨ ᠤᠯᠤᠰ ᠢᠶᠠᠨ ᠠᠪᠤᠷᠠᠬᠤ ᠰᠦᠷᠲᠦ ᠵᠢᠭᠰᠠᠭᠠᠯ ᠢ ᠰᠦᠷ ᠳᠠᠯᠠᠶᠢᠴᠠᠲᠠᠢ ᠶᠠᠪᠤᠭᠤᠯᠵᠤ᠂ ︽ᠳᠣᠲᠣᠭᠠᠳᠤ ᠶᠢᠨ ᠲᠠᠶᠢᠨ ᠢ ᠵᠣᠭᠰᠣᠭᠠᠵᠤ᠂ ᠬᠠᠮᠲᠤ ᠪᠠᠷ ᠭᠠᠳᠠᠭᠠᠳᠤ ᠶᠢ ᠡᠰᠡᠷᠭᠦᠴᠡᠶ᠎ᠡ︾᠂ ︽ᠶᠠᠫᠤᠨ ᠡᠵᠡᠷᠬᠡᠭ ᠲᠦᠷᠢᠮᠡᠬᠡᠶᠢᠲᠡᠨ ᠢ ᠴᠣᠬᠢᠨ ᠤᠨᠠᠭᠠᠶ᠎ᠠ︾ ᠭᠡᠬᠦ ᠵᠡᠷᠭᠡ ᠤᠷᠢᠶ᠎ᠠ ᠶᠢ ᠦᠨᠳᠦᠷ ᠳᠠᠭᠤᠨ ᠢᠶᠠᠷ ᠬᠠᠰᠭᠢᠷᠴᠤ ᠪᠠᠶᠢᠪᠠ᠃ ᠵᠧᠩ ᠽᠥᠩ ᠹᠠᠨ ᠨᠠᠷ ᠴᠦ ᠭᠤᠮᠢᠨᠳᠠᠩ ᠤᠨ ᠲᠡᠷᠰᠯᠡᠭᠦᠦ ᠴᠡᠷᠢᠭ ᠴᠠᠭᠳᠠᠭ᠎ᠠ ᠶᠢᠨ ᠳᠠᠷᠤᠩᠭᠤᠶᠢᠯᠠᠯ ᠢ ᠬᠠᠶᠢᠬᠤᠷᠤᠯ ᠦᠭᠡᠢ ᠪᠠᠷ ᠬᠤᠪᠢᠰᠬᠠᠯᠲᠣ ᠠᠵᠢᠯᠯᠠᠭ᠎ᠠ ᠳᠤ ᠢᠳᠡᠪᠬᠢᠲᠡᠢ ᠣᠷᠣᠯᠴᠠᠵᠣ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠤᠷᠢᠶ᠎ᠠ ᠯᠣᠽᠦ᠋ᠩ ᠨᠠᠭᠠᠵᠤ᠂ ᠶᠠᠫᠤᠨ ᠡᠵᠡᠷᠬᠡᠭ ᠲᠦᠷᠢᠮᠡᠬᠡᠶᠢᠲᠡᠨ ᠤ ᠶᠠᠯᠠᠲᠤ ᠠᠵᠢᠯᠯᠠᠭ᠎ᠠ ᠶᠢ ᠢᠯᠡᠨ ᠳᠠᠯᠠᠨ ᠦᠭᠡᠢ ᠢᠯᠡᠴᠢᠯᠡᠨ᠂ ᠬᠠᠮᠲᠣ ᠪᠠᠷ ᠶᠠᠫᠤᠨ  ᠢ ᠡᠰᠡᠷᠭᠦᠴᠡᠨ ᠣᠯᠣᠰ ᠢᠶᠠᠨ ᠠᠪᠤᠷᠠᠬᠤ ᠶᠢ ᠣᠷᠢᠶᠠᠯᠠᠪᠠ᠃    1936 ᠣᠨ ᠳᠤ᠂ ᠵᠧᠩ ᠽᠥᠩ ᠹᠠᠨ ᠲᠢᠶᠠᠨᠵᠢᠨ ᠳᠤ ᠬᠦᠷᠴᠦ ᠪᠠᠭ᠎ᠠ ᠠᠵᠢᠯᠲᠠᠨ ᠪᠣᠯᠪᠠ᠃ ᠲᠡᠷᠡ ᠬᠠᠮᠲᠤ ᠨᠥᠬᠦᠳ ᠲᠠᠢ ᠪᠠᠨ ᠢᠳᠡᠪᠬᠢᠲᠡᠢ ᠬᠠᠷᠢᠯᠴᠠᠵᠤ᠂ ᠴᠠᠭ ᠢᠮᠠᠭᠲᠠ ᠶᠠᠫᠤᠨ ᠢ ᠡᠰᠡᠷᠭᠦᠴᠡᠵᠦ ᠮᠥᠬᠦᠯ ᠠᠴᠠ ᠠᠪᠤᠷᠠᠬᠤ ᠶᠢ ᠤᠬᠠᠭᠤᠯᠵᠤ᠂ ᠤᠯᠠᠨ ᠲᠦᠮᠡᠨ ᠪᠣᠯᠣᠨ ᠡᠷᠳᠡᠮᠲᠡᠨ ᠮᠡᠷᠭᠡᠳ ᠤᠨ ᠮᠠᠭᠲᠠᠭᠠᠯ ᠰᠠᠶᠢᠰᠢᠶᠠᠯ ᠢ ᠤᠯᠵᠤ ᠪᠠᠶᠢᠵᠠᠢ᠃    1937 ᠣᠨ ᠳᠤ ︽7 · 7︾ ᠤ ᠯᠦ ᠭᠧᠦ ᠴᠢᠶᠣᠤ ᠬᠦᠬᠦᠷᠭᠡ ᠶᠢᠨ ᠬᠡᠷᠡᠭ ᠬᠤᠪᠢᠰᠤᠯ ᠤᠨ ᠳᠠᠷᠠᠭ᠎ᠠ᠂ ᠵᠧᠩ ᠽᠥᠩ ᠹᠠᠨ ᠡᠬᠡᠨᠡᠷ ᠵᠧᠦ ᠭᠤᠸᠠᠨ ᠶᠢᠩ ᠲᠠᠢ ᠪᠠᠨ ᠬᠠᠮᠲᠤ ᠰᠢ ᠠᠨ ᠳᠤ ᠬᠦᠷᠴᠦ᠂ ᠤᠷᠢᠯᠭ᠎ᠠ ᠪᠠᠷ ᠳ᠋ᠦᠩ ᠸᠠᠩ ᠪᠠᠭ᠎ᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃ ᠲᠣᠰ ᠬᠤᠭᠤᠴᠠᠭᠠᠨ ᠳᠤ᠂ ᠵᠧᠩ ᠽᠥᠩ ᠹᠠᠨ ᠰᠤᠷᠤᠭᠴᠢᠳ ᠲᠤ ᠪᠠᠨ ᠦᠷᠭᠦᠯᠵᠢ ᠶᠠᠫᠤᠨ ᠡᠵᠡᠷᠬᠡᠭ ᠲᠦᠷᠢᠮᠡᠬᠡᠶᠢᠲᠡᠳ ᠤᠨ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠯᠠᠲᠤ ᠠᠵᠢᠯᠯᠠᠭ᠎ᠠ ᠪᠠ ᠵᠢᠶᠠᠩ ᠵᠢᠶᠧ ᠱᠢ ᠶᠢᠨ ᠦᠯᠦ ᠡᠰᠡᠷᠭᠦᠴᠡᠬᠦ ᠲᠦᠷᠦ ᠶᠢᠨ ᠪᠣᠳᠣᠯᠭ᠎ᠠ ᠵᠢᠴᠢ ᠨᠤᠲᠤᠭ ᠤᠨ ᠠᠷᠠᠳ ᠤᠯᠠᠨ ᠤ ᠰᠠᠶᠢᠨ ᠳᠤᠷ᠎ᠠ ᠠᠴᠠ ᠪᠠᠨ ᠶᠠᠫᠤᠨ ᠢ ᠡᠰᠡᠷᠭᠦᠴᠡᠵᠦ ᠤᠯᠤᠰ ᠢᠶᠠᠨ ᠠᠪᠣᠷᠠᠬᠤ ᠪᠠᠷ ᠲᠡᠮᠡᠴᠡᠵᠦ ᠪᠠᠶᠢᠭ᠎ᠠ ᠤᠯᠤᠰ ᠢᠶᠠᠨ ᠬᠠᠶᠢᠷᠠᠯᠠᠬᠤ ᠵᠢᠱᠢᠶ᠎ᠡ ᠶᠢ ᠶᠠᠷᠢᠵᠤ ᠥᠭᠲᠡᠭ᠂ ᠪᠠᠰᠠ ᠰᠤᠷᠤᠭᠴᠢᠳ ᠲᠤ ᠪᠠᠨ ᠶᠤᠸᠠᠢ ᠹᠧᠢ᠂ ᠸᠧᠨ ᠲᠢᠶᠠᠨ ᠰᠢᠶᠠᠩ᠂ ᠯᠢᠨ ᠽᠧ ᠰᠢᠦᠢ ᠵᠡᠷᠭᠡ ᠦᠨᠳᠦᠰᠦᠲᠡᠨ ᠤ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠶᠠᠷᠢᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠰᠡᠩᠬᠡᠷᠡᠭᠦᠯᠪᠡ᠃ ᠲᠡᠳᠡ ᠬᠤᠶᠠᠭᠤᠯᠠ ᠶᠢᠨ ᠨᠥᠯᠥᠭᠡ ᠪᠠᠷ ᠮᠠᠰᠢ ᠤᠯᠠᠨ ᠰᠤᠷᠤᠭᠴᠢᠳ ᠬᠤᠪᠢᠰᠬᠠᠯ ᠤᠨ ᠵᠠᠮ ᠢᠶᠠᠷ ᠵᠠᠮᠨᠠᠵᠠᠢ᠃    ᠵᠧᠩ ᠽᠥᠩ ᠹᠠᠨ ᠰᠢ ᠠᠨ ᠳᠤ ᠪᠠᠶᠢᠬᠤ ᠳᠠᠭᠠᠨ ᠨᠢᠭᠡ ᠪᠦᠯᠦᠭ ᠳᠠᠪᠰᠢᠩᠭᠤᠢ ᠵᠠᠯᠠᠭᠤᠴᠤᠳ ᠲᠠᠢ ᠲᠠᠨᠢᠯᠴᠠᠵᠣ᠂ ᠬᠠᠮᠲᠤ ᠶᠢᠨ ᠵᠣᠷᠢᠯᠲᠠ ᠲᠠᠢ ᠪᠠᠶᠢᠵᠤ᠂ ᠬᠤᠪᠢᠰᠬᠠᠯ ᠤᠨ ᠡᠩᠨᠡᠭᠡᠨ ᠳᠤ ᠣᠷᠣᠬᠤ ᠪᠠᠷ ᠵᠣᠷᠢᠭ ᠰᠢᠭᠤᠳᠴᠤ᠂ 1938 ᠣᠨ ᠤ 3 ᠰᠠᠷ᠎ᠠ ᠳᠤ᠂ 10 ᠭᠠᠷᠤᠢ ᠡᠬᠡ ᠣᠷᠣᠨᠴᠢ ᠵᠠᠯᠠᠭᠤᠴᠤᠳ ᠲᠠᠢ ᠬᠠᠮᠲᠤ ᠰᠢ ᠠᠨ ᠠᠴᠠ ᠬᠤᠪᠢᠰᠬᠠᠯ ᠤᠨ ᠭᠤᠯᠣᠮᠲᠠ ᠶᠠᠨ ᠠᠨ ᠳᠤ ᠬᠦᠷᠴᠦ᠂ ᠶᠠᠫᠤᠨ ᠢ ᠡᠰᠡᠷᠭᠦᠴᠡᠬᠦ ᠴᠡᠷᠢᠭ ᠵᠠᠰᠠᠭ ᠤᠨ ᠶᠡᠭᠡ ᠰᠤᠷᠭᠠᠭᠤᠯᠢ ᠳᠤ ᠰᠣᠷᠣᠯᠴᠠᠪᠠ᠃ 8 ᠰᠠᠷ᠎ᠠ ᠳᠤ᠂ ᠵᠧᠩ ᠽᠥᠩ ᠹᠠᠨ ᠢᠷᠠᠭᠤ ᠠᠯᠳᠠᠷᠲᠠᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠰᠡᠭᠦᠯᠡᠷ ᠨᠢ ᠪᠠᠰᠠ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠵᠠᠰᠠᠭ ᠵᠠᠬᠢᠷᠭᠠᠨ ᠤ ᠠᠵᠢᠯᠲᠠᠨ ᠤ ᠪᠣᠯᠪᠠᠰᠤᠷᠠᠯ ᠤᠨ ᠠᠩᠭᠢ ᠳᠤ ᠰᠢᠯᠵᠢᠨ ᠣᠷᠣᠵᠠᠢ᠃    1942 ᠣᠨ ᠳᠤ ᠶᠠᠨ ᠠᠨ ᠤ ᠰᠤᠷᠲᠠᠯ ᠴᠡᠭᠴᠡᠯᠡᠯᠲᠡ ᠡᠬᠢᠯᠡᠭᠰᠡᠨ ᠤ ᠲᠠᠷᠠᠭ᠎ᠠ᠂ ᠬᠥᠯ ᠠᠯᠳᠠᠭᠰᠠᠳ ᠢ ᠠᠪᠤᠷᠠᠬᠤ ᠬᠥᠳᠡᠯᠭᠡᠭᠡᠨ ᠤ ᠳᠤᠮᠳᠠ ᠲᠡᠷᠡ ᠬᠢᠯᠢᠰ  ᠲᠤ ᠣᠴᠠᠷᠠᠵᠤ᠂ ᠱᠠᠨᠰᠢ — ᠭᠠᠨᠰᠤ — ᠨᠢᠩᠰᠢᠶᠠ ᠶᠢᠨ ᠬᠢᠵᠠᠭᠠᠷ ᠣᠷᠣᠨ ᠤ ᠠᠮᠤᠷ ᠢ ᠬᠠᠮᠠᠭᠠᠯᠠᠬᠤ ᠭᠠᠵᠠᠷ ᠲᠤ ᠬᠢᠨᠠᠨ ᠪᠠᠶᠢᠴᠠᠭᠠᠯᠲᠠ ᠬᠦᠯᠢᠶᠡᠪᠡ᠃ ᠲᠡᠨᠳᠡ᠂ ᠲᠡᠷᠡ ᠦᠨᠡᠨ ᠠᠴᠠ ᠵᠥᠪ ᠢ ᠡᠷᠢᠨ᠂ ᠠᠰᠪᠤᠷ ᠴᠠᠭᠠᠪᠤᠷ ᠪᠠᠶᠢᠵᠤ᠂ ᠤᠷᠳᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠡᠳ ᠦᠵᠡᠯ ᠰᠠᠨᠠᠭ᠎ᠠ ᠵᠣᠭᠰᠣᠯᠲᠠ ᠨᠢ ᠤᠯᠠᠮ ᠡᠷᠡᠰ ᠴᠢᠩᠭ᠎ᠠ᠂ ᠪᠣᠯᠪᠠᠰᠤᠷᠠᠩᠭᠤᠢ ᠪᠣᠯᠤᠭᠰᠠᠨ ᠪᠠᠶᠢᠨ᠎ᠠ᠃    1945 ᠣᠨ ᠤ 3 ᠰᠠᠷ᠎ᠠ ᠳᠤ᠂ ᠲᠥᠪ ᠤᠨ ᠪᠠᠷᠠᠭᠤᠨ ᠬᠤᠶᠢᠲᠤ ᠶᠢᠨ ᠲᠣᠪᠴᠢᠶ᠎ᠠ ᠶᠢᠨ ᠱᠦᠵᠢ ᠭᠤᠤ ᠭᠠᠩ ᠬᠢᠵᠠᠭᠠᠷ ᠣᠷᠣᠨ ᠤ ᠠᠮᠤᠷ ᠢ ᠬᠠᠮᠠᠭᠠᠯᠠᠬᠤ ᠭᠠᠵᠠᠷ ᠲᠤ ᠵᠢᠭᠠᠪᠤᠷᠢ ᠥᠭᠴᠦ᠄ ︽ᠲᠥᠪ ᠬᠤᠷᠢᠶ᠎ᠠ ᠠᠴᠠ ᠨᠢᠭᠡ ᠵᠢᠯ ᠤᠨ ᠳᠣᠲᠣᠷ᠎ᠠ ᠶᠠᠫᠤᠨ ᠢ ᠴᠣᠬᠢᠨ ᠢᠯᠠᠬᠤ ᠪᠠᠷ ᠵᠢᠱᠢᠵᠦ᠂ ᠲᠡᠷᠡ ᠦᠶ᠎ᠡ ᠪᠣᠯᠬᠤ ᠳᠤ ᠵᠥᠪᠯᠡᠯᠲᠦ ᠶᠢᠨ ᠤᠯᠠᠭᠠᠨ ᠴᠡᠷᠢᠭ ᠵᠡᠭᠦᠨ ᠬᠤᠶᠢᠲᠤ ᠣᠷᠣᠨ ᠠᠴᠠ ᠭᠠᠷᠴᠤ᠂ ᠪᠢᠳᠡ ᠭᠤᠮᠢᠨᠳᠠᠩ ᠲᠠᠢ ᠤᠮᠠᠷᠠᠲᠤ ᠣᠷᠣᠨ ᠳᠤ ᠶᠡᠭᠡ ᠳᠠᠶᠢᠯᠠᠯᠳᠣᠭᠠᠨ ᠬᠢᠬᠦ ᠪᠣᠯᠣᠨ᠎ᠠ᠂ ᠲᠠ ᠨᠠᠷ ᠤᠳᠤ ᠣᠷᠢᠳᠴᠢᠯᠠᠨ ᠨᠢᠭᠤᠴᠠ ᠮᠡᠳᠡᠭᠡᠨ ᠤ ᠠᠵᠢᠯ ᠢ ᠬᠢᠵᠦ᠂ ᠮᠦᠳᠲᠦ ᠡᠭᠦᠰᠬᠦ ᠳᠠᠶᠢᠯᠠᠯᠳᠣᠭᠠᠨ ᠳᠤ ᠬᠠᠮᠵᠢᠯᠴᠠᠬᠤ ᠬᠡᠷᠡᠭᠲᠡᠢ︾ ᠭᠡᠪᠡ᠃ ᠬᠢᠵᠠᠭᠠᠷ ᠣᠷᠣᠨ ᠤ ᠠᠮᠤᠷ ᠢ ᠬᠠᠮᠠᠭᠠᠯᠠᠬᠤ ᠭᠠᠵᠠᠷ ᠡᠨᠡ ᠬᠦ ᠵᠢᠭᠠᠪᠤᠷᠢ ᠶᠢ ᠦᠨᠳᠦᠰᠦᠯᠡᠨ᠂ ᠶᠠᠨ ᠠᠨ ᠤ ᠡᠯ᠎ᠡ ᠪᠠᠶᠢᠭᠤᠯᠭ᠎ᠠ ᠠᠴᠠ ᠵᠧᠩ ᠽᠥᠩ ᠹᠠᠨ ᠢ ᠪᠠᠭᠲᠠᠭᠠᠭᠰᠠᠨ 40 ᠰᠢᠬᠠᠮ ᠺᠠᠳ᠋ᠷ ᠢ ᠰᠣᠩᠭᠤᠨ ᠲᠣᠮᠢᠯᠠᠵᠣ᠂ ᠯᠢ ᠭᠤᠸᠠᠩ᠂ ᠭᠧ ᠱᠧᠨ ᠨᠠᠷ ᠤᠨ ᠳᠠᠭᠠᠭᠤᠯᠭ᠎ᠠ ᠪᠠᠷ 5 ᠰᠠᠷ᠎ᠠ ᠳᠤ ᠳ᠋ᠢᠩ ᠪᠢᠶᠠᠨ ᠳᠤ ᠬᠦᠷᠴᠦ᠂ ᠰᠦᠢᠶᠤᠸᠠᠨ ᠥᠪᠥᠷ ᠮᠣᠩᠭᠤᠯ ᠤᠨ ᠨᠢᠭᠤᠴᠠ ᠮᠡᠳᠡᠭᠡᠨ ᠤ ᠦᠷᠳᠡᠭᠡ ᠶᠢ ᠪᠠᠶᠢᠭᠤᠯᠪᠠ᠃ ᠠᠵᠢᠯᠯᠠᠬᠤ ᠳᠤ ᠠᠰᠢᠭᠲᠠᠢ ᠪᠠᠶᠢᠯᠭᠠᠬᠤ ᠶᠢᠨ ᠲᠥᠯᠥᠭᠡ᠂ ᠵᠣᠬᠢᠶᠠᠨ ᠪᠠᠶᠢᠭᠤᠯᠤᠯᠲᠠ ᠠᠴᠠ ᠵᠧᠩ ᠽᠥᠩ ᠹᠠᠨ ᠪᠣᠯᠣᠨ ᠦ᠋ ᠴᠢ ᠰᠢᠨ ᠢ ᠬᠤᠳᠠᠯᠳᠤᠭᠠᠴᠢᠨ ᠢᠶᠠᠷ ᠣᠪᠯᠠᠭᠤᠯᠣᠨ ᠵᠠᠰᠠᠵᠣ᠂ ᠳ᠋ᠢᠩ ᠪᠢᠶᠠᠨ ᠬᠤᠳᠠ ᠳᠤ ︽ᠹᠦ᠋ ᠰᠢᠩ ᠶᠦᠩ︾ ᠵᠣᠴᠢᠳ ᠤᠨ ᠪᠠᠭᠤᠳᠠᠯ  ᠢ ᠡᠷᠬᠢᠯᠡᠭᠦᠯᠪᠡ᠃ ᠡᠨᠡ ᠦᠶ᠎ᠡ ᠳᠤ ᠵᠧᠩ ᠽᠥᠩ ᠹᠠᠨ ᠨᠡᠷ᠎ᠡ ᠪᠠᠨ ᠳ᠋ᠧᠩ ᠹᠠ ᠼᠠᠢ ᠭᠡᠵᠦ ᠬᠠᠯᠠᠭᠠᠳ ︽ᠹᠦ᠋ ᠰᠢᠩ ᠶᠦᠩ︾ ᠵᠣᠴᠢᠳ ᠤᠨ ᠪᠠᠭᠤᠳᠠᠯ ᠤᠨ ᠳᠠᠭᠠᠭᠠᠮᠠᠯ ᠪᠤᠯᠪᠠ᠃ ᠦᠨᠡᠨ ᠳᠡᠭᠡᠨ ᠡᠨᠡ ᠵᠣᠴᠢᠳ ᠤᠨ ᠪᠠᠭᠤᠳᠠᠯ ᠪᠣᠯ ᠰᠦᠢᠶᠤᠸᠠᠨ ᠮᠣᠩᠭᠤᠯ ᠤᠨ ᠨᠢᠭᠤᠴᠠ ᠮᠡᠳᠡᠭᠡᠨ ᠤ ᠥᠷᠲᠡᠭᠡᠨ ᠤ ᠨᠢᠭᠡᠨ ᠨᠢᠭᠤᠴᠠ ᠰᠠᠭᠤᠷᠢᠨ ᠪᠣᠯᠬᠤ ᠶᠤᠮ᠃ ᠲᠡᠳᠡ ᠠᠶᠠᠨᠴᠢᠳ ᠢ ᠬᠦᠯᠢᠶᠡᠨ ᠠᠪᠴᠤ ᠵᠣᠴᠢᠯᠠᠬᠤ ᠳᠦᠭᠦᠮ ᠢ ᠠᠰᠢᠭᠯᠠᠨ᠂ ᠳᠠᠶᠢᠰᠤᠨ ᠤ ᠪᠠᠶᠢᠳᠠᠯ ᠢ ᠣᠶᠢᠯᠠᠭᠠᠵᠤ᠂ ᠮᠠᠨ ᠤ ᠲᠠᠯ᠎ᠠ ᠶᠢᠨ ᠨᠢᠭᠤᠴᠠ ᠮᠡᠳᠡᠭᠡᠨ ᠤ ᠺᠠᠳ᠋ᠷ ᠢ ᠬᠦᠯᠢᠶᠡᠨ ᠠᠪᠴᠤ᠂ ᠡᠯ᠎ᠡ ᠵᠦᠢᠯ ᠤᠨ ᠪᠠᠶᠢᠳᠠᠯ ᠢ ᠴᠠᠭ ᠲᠤᠬᠠᠢ ᠳᠤᠨᠢ ᠳᠠᠮᠵᠢᠭᠤᠯᠳᠠᠭ ᠪᠠᠶᠢᠪᠠ᠃ ᠵᠠᠷᠢᠮ ᠳᠠᠭᠠᠨ ᠲᠡᠳᠡ ᠪᠠᠰᠠ ᠬᠤᠳᠠᠯᠳᠤᠭᠠᠴᠢᠨ ᠤ ᠬᠤᠪᠢ ᠪᠠᠷ ᠳᠠᠶᠢᠰᠤᠨ ᠤ ᠡᠵᠡᠯᠡᠭᠰᠡᠨ ᠣᠷᠣᠨ ᠢᠶᠠᠷ ᠣᠷᠣᠵᠤ ᠭᠠᠷᠤᠭᠠᠳ᠂ ᠪᠡᠶ᠎ᠡ ᠪᠠᠷ ᠢᠶᠠᠨ ᠳᠠᠶᠢᠰᠤᠨ ᠤ ᠪᠠᠶᠢᠳᠠᠯ ᠢ ᠲᠠᠩᠨᠠᠳᠠᠭ ᠪᠦᠭᠡᠳ ᠪᠠᠭᠤᠳᠠᠯ ᠡᠷᠭᠢᠯᠡᠭᠰᠡᠨ ᠠᠴᠠ ᠨᠢᠭᠤᠴᠠ ᠮᠡᠳᠡᠭᠡᠨ ᠤ ᠠᠵᠢᠯ ᠤᠨ ᠬᠡᠰᠡᠭ ᠵᠠᠷᠤᠳᠠᠯ ᠢ ᠴᠤ ᠰᠢᠢᠳᠪᠦᠷᠢᠯᠡᠭᠰᠡᠨ ᠪᠠᠶᠢᠪᠠ᠃    1946 ᠣᠨ ᠤ 10 ᠰᠠᠷ᠎ᠠ ᠶᠢᠨ 24 ᠤ ᠡᠳᠦᠷ᠂ ᠦᠦᠰᠢᠨ ᠬᠤᠰᠢᠭᠤᠨ ᠳᠤ ︽ᠣᠯᠠᠭᠠᠨ ᠦᠯᠦᠩ ᠤᠨ ᠬᠡᠷᠡᠭ ᠬᠤᠪᠢᠰᠤᠯ︾ ᠡᠭᠦᠰᠴᠦ᠂ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠶᠢᠨ ᠱᠦᠵᠢ ᠵᠣᠣ ᠲᠦᠩ ᠷᠦ ᠪᠣᠯᠣᠨ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠶᠢᠨ ᠱᠦᠵᠢ ᠪᠠᠢ ᠬᠠᠨ ᠴᠧᠨ ᠵᠡᠷᠭᠡ 9 ᠬᠥᠮᠥᠨ ᠢ ᠬᠠᠭᠤᠷᠮᠠᠭ ᠴᠡᠷᠢᠭ ᠤᠨ 22 ᠳ᠋ᠤᠭᠠᠷ ᠠᠷᠮᠠᠢ ᠶᠢᠨ 18 ᠳ᠋ᠤᠭᠠᠷ ᠬᠤᠷᠢᠶᠠᠨ ᠳᠠᠷᠤᠭ᠎ᠠ ᠸᠠᠩ ᠶᠦᠩ ᠴᠢᠩ ᠥᠳᠥᠭᠡᠨ ᠪᠠᠷᠢᠪᠴᠢᠯᠠᠵᠤ᠂ ᠲᠡᠮᠡᠭᠡᠲᠦ ᠶᠢᠨ ᠭᠢᠨᠳᠠᠨ ᠳᠤ ᠬᠤᠷᠢᠪᠠ᠃ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠠᠴᠠ ᠪᠠᠴᠢᠮ ᠠᠷᠭ᠎ᠠ ᠬᠡᠮᠵᠢᠶ᠎ᠡ ᠠᠪᠴᠤ᠂᠂ᠳ᠋ᠧᠩ ᠹᠠ ᠼᠠᠢ ᠶᠢ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠶᠢᠨ ᠭᠡᠰᠢᠭᠦᠨ ᠢᠶᠠᠷ ᠲᠣᠮᠢᠯᠠᠵᠤ᠂ ᠨᠢᠭᠤᠴᠠ ᠮᠡᠳᠡᠭᠡ᠂ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠭᠤᠯᠪᠠ᠃ ᠲᠡᠷᠡ ᠦᠦᠰᠢᠨ ᠬᠤᠰᠢᠭᠤᠨ ᠤ ᠾᠧ ᠨᠠᠨ ᠤ ᠫᠠᠷᠲ᠋ᠢᠽᠠᠨ ᠠᠩᠭᠢ ᠶᠢᠨ ᠵᠢᠭᠠᠨ ᠵᠢᠯᠣᠭᠤᠳᠤᠭᠴᠢ ᠶᠢᠨ ᠬᠤᠪᠢ ᠪᠠᠷ ᠠᠵᠢᠯ ᠢᠶᠠᠨ ᠦᠷᠨᠢᠭᠦᠯᠪᠡ᠂ ᠬᠥᠮᠥᠰ ᠲᠡᠭᠦᠨ ᠢ ᠳ᠋ᠧᠩ ᠵᠦᠪᠯᠡᠭᠴᠢ ᠭᠡᠳᠡᠭ᠃ᠡᠨᠡ ᠬᠤᠭᠤᠴᠠᠭᠠᠨ ᠳᠤ᠂ ᠲᠡᠷᠡ ᠠᠷᠠᠳ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠴᠢᠯᠦᠭᠡᠯᠡᠭᠳᠡᠭᠰᠡᠨ ᠣᠷᠣᠨ ᠳᠤ ᠣᠷᠣᠵᠤ ᠳᠦᠢᠪᠡᠭᠡᠨ ᠰᠦᠢᠳᠬᠡᠵᠦ ᠪᠠᠶᠢᠭᠰᠠᠨ ᠳᠠᠶᠢᠰᠤᠨ ᠳᠤ ᠣᠯᠠᠨᠲᠠ ᠴᠣᠬᠢᠯᠲᠠ ᠥᠭᠴᠦ᠂  ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃ ᠲᠡᠷᠡ ᠪᠠᠰᠠ ᠦᠷᠭᠦᠯᠵᠢ ᠪᠠᠲᠤ ᠶᠢᠨ ᠪᠤᠯᠤᠩ᠂ ᠨᠠᠷᠢᠠᠭᠤᠣᠯ ᠣᠷᠴᠢᠮ ᠢᠶᠠᠷ ᠠᠵᠢᠯᠯᠠᠭ᠎ᠠ ᠬᠢᠵᠦ᠂ ᠦᠦᠰᠢᠨ ᠬᠤᠰᠢᠭᠤ᠂ ᠲᠡᠮᠡᠭᠡᠲᠦ ᠶᠢᠨ ᠭᠤᠮᠢᠨᠳᠠᠩ ᠤᠨ ᠨᠢᠭᠤᠴᠠ ᠮᠡᠳᠡᠭᠡ ᠶᠢ ᠲᠠᠩᠨᠠᠵᠤ᠂ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃      1947 ᠣᠨ ᠤ 9 ᠰᠠᠷ᠎ᠠ ᠳᠤ᠂ ᠮᠠᠨ ᠤ ᠪᠠᠷᠠᠭᠤᠨ ᠬᠤᠶᠢᠲᠤ ᠶᠢᠨ ᠬᠡᠭᠡᠷᠡᠯᠡᠨ ᠪᠠᠶᠢᠯᠳᠤᠬᠤ ᠴᠡᠷᠢᠭ ᠱᠠᠨᠪᠧᠢ ᠶᠢᠨ ᠴᠢᠬᠤᠯᠠ ᠬᠤᠲᠠ ᠪᠤᠯᠬᠤ ᠲᠡᠮᠡᠭᠡᠲᠦ ᠬᠤᠳᠠ ᠶᠢ ᠪᠦᠰᠡᠯᠡᠨ ᠳᠠᠭᠠᠷᠢᠪᠠ᠃ 9 ᠰᠠᠷ᠎ᠠ ᠶᠢᠨ 24 ᠤ ᠡᠳᠦᠷ᠂ ᠨᠢᠩᠰᠢᠶᠠ ᠶᠢᠨ ᠮᠠ ᠬᠤᠩ ᠺᠦᠢ ᠶᠢᠨ ᠨᠢᠭᠡ ᠬᠤᠷᠢᠶ᠎ᠠ ᠴᠡᠷᠢᠭ ᠲᠡᠮᠡᠭᠡᠲᠦ ᠶᠢ ᠲᠤᠰᠠᠯᠠᠬᠤ ᠪᠠᠷ ᠮᠤᠷᠳᠠᠪᠠ᠃  ᠪᠠᠶᠢᠳᠠᠯ ᠢ ᠮᠡᠳᠡᠮᠡᠭᠴᠡ ᠳ᠋ᠧᠩ ᠹᠠ ᠼᠠᠢ ᠲᠡᠷᠡ ᠳᠠᠷᠤᠢ ᠳᠤᠨᠢ ᠬᠥᠮᠥᠨ ᠲᠣᠮᠢᠯᠠᠨ ᠪᠠᠲᠤ ᠶᠢᠨ ᠪᠤᠯᠤᠩ ᠤᠨ ᠪᠠᠶᠢᠴᠠᠭᠠᠬᠤ ᠥᠷᠲᠡᠭᠡᠨ ᠳᠤ ᠵᠠᠬᠢᠳᠠᠯ ᠬᠦᠷᠭᠡᠯᠭᠡᠵᠦ᠂ ᠳᠠᠶᠢᠰᠤᠨ ᠤ ᠪᠠᠶᠢᠳᠠᠯ ᠢ ᠮᠡᠳᠡᠭᠳᠡᠪᠡ᠃ ᠡᠭᠦᠨ ᠤ ᠬᠠᠮᠲᠤ ᠪᠠᠶᠢᠴᠠᠭᠠᠬᠤ ᠦᠷᠳᠡᠭᠡ ᠪᠣᠯᠣᠨ ᠪᠤᠰᠤᠳ ᠪᠠᠶᠢᠭᠤᠯᠭ᠎ᠠ ᠶᠢ ᠠᠮᠤᠷ ᠲᠦᠪᠰᠢᠨ ᠢᠶᠠᠷ ᠰᠢᠯᠵᠢᠭᠦᠯᠬᠦ ᠶᠢᠨ ᠲᠥᠯᠥᠭᠡ᠂ ᠳ᠋ᠧᠩ ᠹᠠ ᠼᠠᠢ ᠪᠣᠯᠣᠨ ᠫᠠᠷᠲ᠋ᠢᠽᠠᠨ ᠠᠩᠭᠢ ᠶᠢᠨ ᠳᠠᠷᠤᠭ᠎ᠠ ᠰᠠᠬᠢᠶᠠᠨ ᠲᠠᠢ ᠵᠦᠪᠳᠡᠯᠴᠡᠵᠦ᠂ ᠡᠨᠡ ᠬᠦ ᠬᠤᠷᠢᠶ᠎ᠠ ᠳᠠᠶᠢᠰᠣᠨ ᠤ ᠴᠡᠷᠢᠭ  ᠢ ᠬᠤᠷᠢᠭᠯᠠᠨ ᠴᠣᠬᠢᠬᠤ ᠪᠠᠷ ᠲᠣᠭᠲᠠᠪᠠ᠃ ᠲᠡᠳᠡ ᠫᠠᠷᠲ᠋ᠢᠽᠠᠨ ᠠᠩᠭᠢ ᠶᠢ ᠳᠠᠭᠠᠭᠤᠯᠤᠨ ᠭᠦ᠋ ᠵᠢᠶᠠ ᠸᠠᠨ ᠠᠴᠠ ᠮᠣᠷᠳᠠᠵᠤ᠂ ᠨᠠᠷᠢᠠᠭᠤᠤᠯ ᠤᠨ ᠵᠡᠭᠦᠨ ᠮᠠᠩᠬᠠᠨ ᠳᠤ ᠮᠠ ᠬᠤᠩ ᠺᠦᠢ ᠶᠢᠨ ᠴᠡᠷᠢᠭ ᠲᠠᠢ ᠬᠠᠯᠵᠠ ᠮᠦᠷᠭᠦᠯᠳᠦᠵᠦ᠂ ᠳ᠋ᠧᠩ ᠹᠠ ᠼᠠᠢ ᠡᠷᠡᠯᠬᠡᠭ ᠪᠠᠭᠠᠲᠤᠷᠯᠢᠭ ᠢᠶᠠᠷ ᠴᠡᠷᠢᠭ ᠠᠩᠭᠢ ᠪᠠᠨ ᠵᠢᠯᠤᠭᠤᠳᠴᠤ᠂ ᠭᠠᠯ ᠤᠨ ᠬᠦᠴᠦᠨ ᠢᠶᠠᠨ ᠲᠥᠪᠯᠡᠷᠡᠭᠦᠯᠦᠨ ᠲᠡᠭᠠᠷᠢᠵᠦ᠂ ᠳᠠᠶᠢᠰᠤᠨ ᠤ ᠴᠡᠷᠢᠭ ᠤᠨ ᠤᠯᠡᠠ ᠤᠳᠠᠭᠠᠨ ᠤ ᠳᠠᠭᠠᠷᠢᠯᠲᠠ ᠶᠢ ᠴᠣᠬᠢᠨ ᠤᠬᠤᠷᠢᠭᠤᠯᠤᠭᠰᠠᠨ ᠢᠶᠠᠷ ᠮᠠ ᠬᠤᠩ ᠺᠦᠢ  ᠶᠢᠨ ᠴᠡᠷᠢᠭ ᠨᠠᠷᠢᠠᠭᠤᠤᠯ ᠢ ᠳᠠᠪᠠᠵᠤ ᠴᠢᠳᠠᠬᠤ ᠦᠭᠡᠢ ᠪᠤᠯᠵᠠᠢ᠃  ᠳᠡᠮᠡᠢ ᠣᠳᠠᠯ ᠦᠭᠡᠢ ᠳᠠᠶᠢᠰᠤᠨ ᠤ ᠨᠢᠰᠬᠡᠯ᠂ ᠶᠠᠪᠠᠭᠠᠨ ᠮᠣᠷᠢᠲᠣ ᠴᠡᠷᠢᠭ ᠲᠠᠢ ᠬᠠᠮᠲᠣᠷᠠᠨ ᠶᠡᠬᠡᠪᠡᠷ ᠳᠠᠭᠠᠷᠢᠯᠲᠠ ᠬᠢᠪᠡ᠃ ᠭᠱᠠᠨ ᠵᠠᠭᠤᠷ᠎ᠠ ᠵᠢᠭᠰᠠᠭᠠᠯ ᠤᠨ ᠭᠠᠵᠠᠷ ᠲᠤ ᠳᠠᠷᠢ ᠶᠢᠨ ᠤᠲᠤᠭ᠎ᠠ ᠲᠤᠨᠤᠷᠠᠵᠤ᠂ ᠫᠤᠤ ᠶᠢᠨ ᠰᠤᠮᠤ ᠡᠷᠦᠢ ᠬᠤᠷᠣᠢ ᠦᠭᠡᠢ ᠳᠣᠰᠴᠤ᠂ ᠫᠠᠷᠲ᠋ᠢᠽᠠᠨ ᠠᠩᠭᠢ ᠴᠥᠭᠡᠨ ᠢᠶᠠᠷ ᠤᠯᠠᠨ ᠢ ᠢᠯᠠᠵᠤ ᠳᠡᠶᠢᠯᠬᠦ ᠦᠭᠡᠢ ᠪᠣᠯᠬᠤ ᠳᠠᠭᠠᠨ ᠠᠷᠭ᠎ᠠ ᠪᠤᠰᠤ ᠤᠬᠤᠷᠢᠪᠠ᠃ ᠨᠢᠭᠡ ᠪᠦᠯᠦᠭ ᠫᠠᠷᠲ᠋ᠢᠽᠠᠨ ᠠᠩᠭᠢ ᠶᠢᠨ ᠭᠡᠰᠢᠭᠦᠨ ᠲᠠᠨᠢᠯ ᠳᠠᠰᠤᠯ ᠭᠠᠵᠠᠷ ᠤᠨ ᠪᠠᠶᠢᠴᠠ ᠪᠠᠷ ᠢᠶᠠᠨ ᠨᠠᠷᠢᠠᠭᠤᠤᠯ ᠤᠨ ᠵᠡᠭᠦᠨ ᠡᠷᠭᠢ ᠠᠴᠠ ᠤᠬᠤᠷᠢᠨ ᠶᠠᠪᠤᠵᠠᠢ᠃ ᠳ᠋ᠧᠩ ᠹᠠ ᠼᠠᠢ ᠴᠡᠷᠢᠭ ᠮᠣᠷᠢ ᠰᠠᠯᠵᠣ ᠪᠣᠳᠠᠷᠠᠭᠰᠠᠨ ᠢ ᠦᠵᠡᠭᠡᠳ᠂ ᠬᠡᠳᠦᠨ ᠬᠥᠮᠥᠨ ᠢᠶᠠᠨ ᠳᠠᠭᠠᠭᠤᠯᠤᠨ ᠶᠠᠪᠠᠭᠠᠨ ᠢᠶᠠᠷ ᠤᠬᠤᠷᠢᠨ ᠭᠠᠷᠬᠤ ᠳᠤ ᠪᠠᠨ ᠠᠵᠠ ᠪᠣᠰᠣ ᠪᠠᠷ ᠳᠠᠶᠢᠰᠤᠨ ᠤ ᠴᠡᠷᠢᠭ ᠲᠤ ᠣᠯᠵᠠᠯᠠᠭᠳᠠᠪᠠ᠃ ᠮᠠ ᠬᠤᠩ ᠺᠦᠢ ᠶᠢᠨ ᠴᠡᠷᠢᠭ ᠳ᠋ᠧᠩ ᠹᠠ ᠼᠠᠢ ᠶᠢᠨ ᠪᠡᠶᠡᠨ ᠠᠴᠠ ︽ᠳ᠋ᠧᠩ ᠵᠦᠪᠯᠡᠭᠴᠢ ᠬᠤᠷᠢᠶᠠᠮᠵᠢ︾ ᠭᠡᠰᠡᠨ ᠦᠰᠦᠭ ᠲᠠᠢ ᠨᠢᠭᠡᠨ ᠬᠤᠪᠢ ᠵᠠᠬᠢᠳᠠᠯ ᠢ ᠨᠡᠩᠵᠢᠵᠦ ᠣᠯᠣᠭᠠᠳ ᠡᠷᠳᠡᠨᠢ ᠣᠯᠣᠭᠰᠠᠨ ᠮᠡᠲᠦ ᠪᠠᠶᠠᠷᠯᠠᠵᠤ᠄ ︽ᠡᠪ ᠬᠠᠮᠲᠤ ᠨᠠᠮ ᠤᠨ ᠶᠡᠭᠡ ᠨᠣᠶᠠᠨ ᠢ ᠪᠠᠷᠢᠵᠤ ᠠᠪᠤᠯ᠎ᠠ︾ ᠭᠡᠵᠦ ᠭᠠᠯᠵᠠᠭᠤᠷᠠᠭᠰᠠᠨ ᠮᠡᠲᠦ ᠪᠠᠷ ᠤᠷᠢᠯᠠᠵᠣ ᠪᠠᠶᠢᠪᠠ᠃ ᠳ᠋ᠧᠩ ᠹᠠ ᠼᠠᠢ ᠬᠠᠷᠭᠢᠰ ᠬᠡᠷᠴᠡᠭᠡᠢ ᠳᠠᠶᠢᠰᠤᠨ ᠤ ᠡᠮᠦᠨ᠎ᠡ ᠲᠥᠪ ᠶᠣᠰᠣᠨ ᠤ ᠲᠥᠯᠥᠭᠡ ᠬᠤᠭᠤᠷᠬᠤ ᠠᠴᠠ ᠪᠢᠰᠢ ᠨᠣᠭᠤᠷᠠᠬᠤ ᠦᠭᠡᠢ ᠪᠠᠶᠢᠵᠣ᠂ ᠦᠬᠦᠬᠦ ᠶᠢ ᠤᠨᠲᠠᠬᠤ ᠶᠢᠨ ᠲᠡᠳᠦᠢ ᠪᠠᠷ ᠦᠵᠡᠵᠦ᠂ ᠦᠭᠡᠶᠢᠭᠦᠦ ᠠᠩᠭᠢ ᠶᠢᠨ ᠬᠤᠪᠢᠰᠬᠠᠯᠲᠤ ᠪᠠᠶᠢᠯᠳᠤᠭᠴᠢ ᠶᠢᠨ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠶᠢ ᠢᠯᠡᠷᠡᠭᠦᠯᠪᠡ᠃ 1947 ᠤᠨ ᠤ 9 ᠰᠠᠷ᠎ᠠ ᠶᠢᠨ 24 ᠤ ᠡᠳᠦᠷ 39 ᠨᠠᠰᠤᠲᠠᠢ ᠵᠧᠩ ᠽᠥᠩ ᠹᠠᠨ ᠪᠠᠭᠠᠳᠣᠷᠯᠢᠭ ᠢᠶᠠᠷ ᠪᠡᠶ᠎ᠡ ᠦᠷᠡᠭᠳᠡᠵᠡᠢ᠃ ᠳᠠᠷᠠᠭ᠎ᠠ ᠡᠳᠦᠷ ᠨᠢ᠂ ᠫᠠᠷᠲ᠋ᠢᠽᠠᠨ ᠠᠩᠭᠢ ᠶᠢᠨ ᠭᠡᠰᠢᠭᠦᠳ ᠵᠢᠭᠰᠠᠭᠠᠯ ᠤᠨ ᠭᠠᠵᠠᠷ ᠲᠠᠭᠠᠨ ᠪᠤᠴᠠᠵᠤ᠂ ᠡᠮᠭᠡᠨᠢᠯᠲᠦ ᠰᠡᠳᠬᠢᠯᠭᠡ ᠪᠠᠷ ᠦᠷᠡᠭᠳᠡᠭᠰᠡᠨ ᠪᠠᠭᠠᠲᠣᠷ ᠤᠨ ᠴᠢᠨᠳᠠᠷ ᠢ ᠦᠦᠰᠢᠨ ᠬᠤᠰᠢᠭᠤᠨ ᠤ ᠨᠠᠷᠢᠠᠭᠤᠤᠯ ᠤᠨ ᠬᠥᠪᠡᠭᠡᠨ ᠤ ᠬᠦ᠋ ᠵᠢᠶᠠ ᠫᠠᠨ ᠲᠣᠰᠬᠤᠨ ᠳᠤ ᠣᠷᠣᠰᠢᠭᠤᠯᠪᠠ᠃ ᠵᠧᠩ ᠽᠥᠩ ᠹᠠᠨ ᠤ ᠪᠠᠭᠠᠲᠤᠷᠯᠢᠭ ᠦᠢᠯᠡ ᠶᠠᠪᠤᠳᠠᠯ ᠨᠢ ᠤᠳᠤ ᠪᠣᠯᠲᠠᠯ᠎ᠠ ᠲᠤᠬᠠᠢ ᠶᠢᠨ ᠭᠠᠵᠠᠷ ᠤᠨ ᠥᠷᠭᠡᠨ ᠤᠯᠠᠨ ᠺᠠᠳ᠋ᠷ᠂ ᠤᠯᠠᠨ ᠲᠦᠮᠡᠨ ᠤ ᠳᠤᠮᠳᠠ ᠤᠯᠠᠮᠵᠢᠯᠠᠭᠳᠠᠵᠤ᠂ ᠬᠤᠵᠢᠮ ᠤᠨ ᠬᠥᠮᠥᠰ ᠢ ᠵᠣᠷᠢᠭᠵᠢᠭᠤᠯᠤᠨ ᠡᠪ ᠬᠠᠮᠲᠤ ᠶᠣᠰᠣᠨ ᠤ ᠠᠭᠤᠤ ᠶᠡᠭᠡ ᠬᠦᠰᠡᠯᠡᠩ ᠢ ᠪᠡᠶᠡᠯᠡᠭᠦᠯᠬᠦ ᠶᠢᠨ ᠲᠥᠯᠥᠭᠡ ᠲᠡᠮᠡᠴᠡᠭᠦᠯᠵᠦ ᠪᠠᠶᠢᠨ᠎ᠠ᠃ ᠶᠡᠭᠡ ᠵᠤᠤ ᠠᠶᠢᠮᠠᠭ ᠤᠨ ᠠᠷᠠᠳ ᠲᠦᠮᠡᠨ ᠡᠨᠡᠬᠦ ᠦᠷᠡᠭᠳᠡᠭᠰᠡᠨ ᠪᠠᠭᠠᠲᠤᠷ ᠢ ᠡᠭᠦᠷᠢᠳᠡ ᠳᠤᠷᠠᠰᠬᠠᠬᠤ ᠶᠢᠨ ᠲᠥᠯᠥᠭᠡ᠂ ᠲᠡᠭᠦᠨ ᠤ ᠪᠠᠭᠠᠲᠤᠷ ᠠᠯᠳᠠᠷ ᠢ ᠦᠦᠰᠢᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠰᠤᠪᠤᠷᠭ᠎ᠠ ᠳᠡᠭᠡᠷ᠎ᠡ ᠰᠡᠶᠢᠯᠪᠡ᠃ ᠬᠤᠪᠢᠰᠬᠠᠯᠴᠢ ᠪᠠᠭᠠᠲᠣᠷ ᠲᠠᠯ᠎ᠠ ᠨᠤᠲᠤᠭ ᠲᠠᠢ ᠡᠭᠦᠷᠢᠳᠡ ᠬᠠᠮᠲᠤ ᠣᠷᠣᠰᠢᠨ᠎ᠠ︕                       ︵ᠡᠬᠡ ᠪᠢᠴᠢᠭ ᠢ ᠳ᠋ᠦᠩᠱᠧᠩ ᠤᠨ ᠦᠷᠡᠭᠳᠡᠭᠰᠡᠨ ᠪᠠᠭᠠᠲᠣᠷᠴᠣᠳ ᠤᠨ ᠣᠩᠭᠤᠨ ᠤ ᠬᠠᠮᠠᠭᠠᠯᠠᠯᠲᠠ ᠶᠢᠨ ᠭᠠᠵᠠᠷ ᠠᠴᠠ ᠬᠠᠩᠭᠠᠪᠠ︶  
ᠢᠷᠡᠯᠲᠡ᠄ ᠳᠤᠰ ᠰᠦᠯᠵᠢᠶ᠎ᠡ