ᠦᠪᠡᠷᠳᠡᠬᠡᠨ ᠵᠠᠰᠠᠬᠤ ᠤᠷᠤᠨ ᠤ ᠬᠡᠪᠴᠢᠶᠡᠨ ᠳᠤ ᠬᠠᠮᠤᠭ ᠤᠨ ᠲᠦᠷᠦᠬᠦᠨ ᠳᠤ 8 ᠡᠵᠡᠩᠨᠡᠯᠳᠡ ᠶᠢᠨ ᠦᠨᠡᠮᠯᠡᠯ ᠢ ︽ᠨᠢᠬᠡ ᠯᠠ ᠤᠳᠠᠭ᠎ᠠ ᠳᠡᠬᠡᠷ᠎ᠡ ᠬᠦᠢᠴᠡᠳᠬᠡᠬᠦ︾ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2023/8/17
      ᠠᠵᠤ ᠠᠬᠤᠶᠢᠯᠠᠯ ᠡᠵᠡᠩᠨᠡᠯᠳᠡ ᠶᠢᠨ ᠬᠡᠪᠴᠢᠶ᠎ᠡ ᠪᠠᠨ ᠦᠷᠬᠡᠳᠬᠡᠬᠦ᠂ ᠬᠤᠯᠪᠤᠭᠠᠳᠤ ᠳᠡᠯᠬᠡᠬᠦᠷ ᠨᠡᠬᠡᠬᠡᠬᠦ ᠤᠴᠢᠷ ᠶᠠᠪᠤᠳᠠᠯ ᠤᠳ ᠢ ᠳ᠋ᠦᠩᠱᠧᠩ ᠳᠤᠭᠤᠷᠢᠭ ᠤᠨ ᠬᠢᠨ ᠬᠠᠭᠠᠰ ᠡᠳᠤᠷ ᠤᠨ ᠳᠤᠳᠤᠷ᠎ᠠ ᠨᠢᠬᠡᠯᠡ ᠤᠳᠠᠭ᠎ᠠ ᠳᠡᠬᠡᠷ᠎ᠡ ᠪᠡᠶᠡᠯᠡᠬᠦᠯᠬᠦ ᠪᠤᠯᠤᠭᠰᠠᠨ ᠪᠠᠶᠢᠨ᠎ᠠ᠃      8 ᠰᠠᠷ᠎ᠠ ᠶᠢᠨ 16 ᠤ ᠡᠳᠦᠷ᠂ ᠰᠤᠷᠪᠤᠯᠵᠢᠯᠠᠭᠴᠢ ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠬᠦ ᠳᠤ ᠠᠵᠤ ᠠᠬᠤᠶᠢᠯᠠᠯ ᠤᠨ ᠠᠵᠢᠯᠲᠠᠨ ᠵᠣᠣ ᠳ᠋ᠠᠨ ᠰᠠᠶ᠋ᠢᠬᠠᠨ ᠰᠢᠨ᠎ᠡ ᠪᠠᠷ ᠠᠪᠤᠭᠰᠠᠨ ᠡᠵᠡᠩᠨᠡᠯᠲᠡ ᠶᠢᠨ ᠦᠨᠡᠮᠯᠡᠯ ᠢᠶᠠᠨ ᠪᠠᠷᠢᠵᠤ ︽ᠥᠩᠭᠡᠷᠡᠭᠰᠡᠨ ᠳᠤ ᠡᠵᠡᠩᠨᠡᠯᠳᠡ ᠶᠢᠨ ᠦᠨᠡᠮᠯᠡᠯ ᠠᠪᠬᠤ ᠳᠤ ᠵᠠᠷᠢᠮ ᠳᠠᠭᠠᠨ ᠡᠳᠦᠷ ᠲᠤ 1 ᠡᠵᠡᠩᠨᠡᠯᠲᠡ ᠶᠢᠨ ᠦᠨᠡᠮᠯᠡᠯ ᠬᠦᠢᠴᠡᠳᠬᠡᠵᠤ ᠳᠡᠶᠢᠯᠳᠡᠭ ᠪᠠᠶᠢᠵᠠᠢ᠂ ᠡᠨᠡ ᠤᠳᠠᠭ᠎ᠠ ᠲᠦᠪᠯᠡᠷᠡᠬᠦᠯᠦᠨ ᠬᠦᠢᠴᠡᠳᠬᠡᠵᠤ 8 ᠡᠵᠡᠩᠨᠡᠯᠲᠡ ᠶᠢᠨ ᠦᠨᠡᠮᠯᠡᠯ ᠢ ᠨᠢᠭᠡ ᠯᠡ ᠤᠳᠠᠭ᠎ᠠ ᠳᠤ ᠪᠥᠬᠦᠳᠡ ᠶᠢ ᠠᠪᠤᠯ᠎ᠠ᠃︾ ᠬᠡᠵᠤ ᠪᠠᠶᠠᠷᠳᠠᠶᠢᠬᠠᠨ ᠶᠠᠷᠢᠪᠠ᠃ ᠡᠨᠡ ᠨᠢ ᠳ᠋ᠦᠩᠱᠧᠩ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ︽ᠬᠤᠯᠪᠤᠭᠠᠳᠤ ᠳᠡᠯᠭᠡᠭᠦᠷ ᠢ ᠲᠥᠪᠯᠡᠷᠡᠭᠦᠯᠦᠨ  ᠳᠠᠩᠰᠠᠯᠠᠵᠤ︾᠂ ᠨᠢᠭᠡ ᠯᠡ ᠤᠳᠠᠭ᠎ᠠ ᠳᠤ ᠬᠦᠢᠴᠡᠳᠬᠡᠭᠰᠡᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠬᠠᠮᠤᠭ ᠤᠨ ᠣᠯᠠᠨ ᠮᠦᠷᠳᠡᠬᠡᠨ ᠬᠦᠢᠴᠡᠳᠬᠡᠬᠦ ᠬᠤᠭᠤᠴᠠᠭ᠎ᠠ ᠪᠠᠷ ᠬᠠᠮᠤᠭ ᠲᠦᠷᠭᠡᠨ ᠪᠠᠶᠢᠬᠤ ᠶᠢ ᠲᠦᠷᠦᠬᠦᠯᠡᠨ ᠪᠡᠶᠡᠯᠡᠬᠦᠯᠦᠭᠰᠡᠨ ᠢ ᠬᠠᠷᠠᠭᠤᠯᠵᠤ ᠪᠠᠶᠢᠭ᠎ᠠ ᠶᠤᠮ᠃      ᠣᠶᠢᠯᠠᠭᠠᠭᠰᠠᠨ ᠢᠶᠠᠷ᠂ ᠵᠤᠤ ᠳ᠋ᠠᠨ ᠪᠤᠯ ᠬᠤᠨᠠᠨ ᠤ ᠴᠠᠩᠱᠠ ᠶᠢᠨ ᠡᠮ ᠤᠨ ᠳᠡᠯᠬᠡᠬᠦᠷ ᠤᠨ ᠬᠤᠯᠪᠤᠭᠠᠳᠤ ᠠᠵᠤ ᠠᠬᠤᠶᠢᠯᠠᠯ ᠳᠤ ᠠᠵᠢᠯᠯᠠᠵᠤ᠂ ᠡᠵᠡᠩᠨᠡᠯᠲᠡ ᠶᠢᠨ ᠬᠡᠪᠴᠢᠶ᠎ᠡ ᠶᠢᠨ ᠥᠷᠭᠡᠳᠬᠦ ᠶᠢ ᠳᠠᠭᠠᠯᠳᠤᠨ᠂ ᠡᠩ ᠲᠡᠷᠢᠭᠦᠨ ᠳᠤ ᠳ᠋ᠦᠩᠱᠧᠩ ᠲᠣᠭᠤᠷᠢᠭ ᠲᠤ  ᠢᠷᠡᠵᠤ ᠵᠠᠬ᠎ᠠ ᠳᠡᠯᠭᠡᠭᠦᠷ ᠢᠶᠠᠨ ᠦᠷᠬᠡᠳᠬᠡᠨ ᠲᠦᠷᠦᠭᠦᠦ ᠪᠦᠯᠦᠭ ᠤᠨ 8 ᠬᠤᠯᠪᠤᠭᠠᠳᠤ ᠳᠡᠯᠭᠡᠭᠦᠷ ᠢᠶᠠᠨ ᠨᠡᠭᠡᠭᠡᠵᠡᠢ᠃ ᠬᠤᠯᠪᠤᠭᠠᠳᠤ ᠳᠡᠯᠭᠡᠭᠦᠷ ᠢ ᠲᠦᠷᠭᠡᠬᠡᠨ ᠤᠷᠤᠨᠵᠢᠭᠤᠯᠬᠤ ᠶᠢᠨ ᠲᠥᠯᠥᠭᠡ᠂ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠪᠴᠢᠶᠠᠨ ᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠰᠤᠭ ᠤᠨ ᠬᠢᠨᠠᠨ ᠵᠥᠪᠰᠢᠶᠡᠷᠡᠬᠦ ᠠᠵᠢᠯᠲᠠᠨ ᠲᠡᠷᠡ ᠳᠠᠷᠤᠢ ᠳᠤᠨᠢ ᠲᠡᠭᠦᠨ ᠳᠤ ᠲᠥᠪᠯᠡᠷᠡᠭᠦᠯᠦᠨ ᠨᠢᠭᠡᠳᠦᠯᠲᠡᠢ ᠭᠦᠢᠴᠡᠳᠬᠡᠬᠦ ᠪᠠᠷ ᠪᠤᠯᠪᠠ᠃      ᠠᠵᠢᠯᠲᠠᠨ ᠤ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠪᠠᠷ ᠳᠡᠮᠵᠢᠨ᠂ ᠳᠠᠩᠰᠠᠯᠠᠭᠤᠯᠬᠤ᠂ ᠮᠠᠲ᠋ᠧᠷᠢᠶᠠᠯ ᠪᠡᠯᠡᠳᠬᠡᠬᠦ ᠠᠴᠠ ᠠᠪᠤᠭᠠᠳ ᠠᠵᠤ ᠠᠬᠤᠶᠢᠯᠠᠯ ᠢ ᠳᠠᠩᠰᠠᠯᠠᠬᠤ᠂ ᠦᠨᠡᠮᠯᠡᠯ ᠣᠯᠭᠤᠬᠤ ᠬᠦᠷᠲᠡᠯ᠎ᠡ᠂ ᠨᠢᠭᠡᠬᠡᠨ ᠦᠳᠡ ᠶᠢᠨ ᠡᠮᠤᠨᠡᠬᠢ ᠴᠠᠭ ᠢ ᠬᠡᠷᠡᠭᠯᠡᠨ᠂ 8 ᠬᠤᠪᠢ ᠡᠵᠡᠩᠨᠡᠯᠲᠡ ᠶᠢᠨ ᠦᠨᠡᠮᠯᠡᠯ ᠢ ᠠᠵᠤ ᠠᠬᠤᠶᠢᠯᠠᠯ ᠤᠨ ᠠᠵᠢᠯᠲᠠᠨ ᠤ ᠭᠠᠷ ᠲᠤ ᠭᠠᠷᠳᠠᠭᠤᠯᠵᠠᠢ᠃︽ᠮᠠᠨ ᠤ ᠲᠤᠬᠠᠶᠢᠯᠠᠭᠰᠠᠨ ᠠᠵᠢᠯ ᠪᠣᠯ ᠲᠠᠸᠠᠷ ᠤᠨ ᠲᠡᠮᠳᠡᠭ ᠤᠨ ᠡᠷᠬᠡ ᠣᠯᠭᠤᠯᠲᠠ ᠲᠠᠢ ᠬᠤᠯᠪᠣᠭᠳᠠᠵᠤ ᠪᠠᠶᠢᠭ᠎ᠠ ᠪᠣᠯᠬᠤᠷ ᠠᠵᠢᠯᠲᠠᠳ ᠠᠴᠠ ᠪᠢᠳᠡᠨ ᠳᠤ ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠵᠦ᠂ ᠰᠠᠭᠠᠳ ᠦᠭᠡᠢ ᠨᠡᠪᠲᠡᠷᠡᠬᠦ ᠵᠠᠮ ᠢ ᠨᠡᠬᠡᠬᠡᠨ᠂  ᠨᠡᠷᠡᠶᠢᠳᠤᠯ ᠢᠶᠠᠨ ᠤᠷᠢᠳᠴᠢᠯᠠᠨ ᠳᠠᠩᠰᠠᠯᠠᠭᠤᠯᠤᠭᠰᠠᠨ ᠠᠴᠠ ᠠᠵᠢᠯᠳᠠᠨ ᠡᠵᠡᠩᠨᠡᠯᠲᠡ  ᠶᠢᠨ ᠦᠨᠡᠮᠯᠡᠯ ᠢ ᠮᠠᠰᠢ ᠲᠦᠷᠬᠡᠨ ᠬᠦᠢᠴᠡᠳᠬᠡᠨ ᠦᠭᠴᠤ᠂ ᠳᠤᠬᠠᠢ ᠶᠢᠨ ᠳᠠᠯᠠᠪᠡᠢ ᠳᠤ ᠳᠠᠷᠤᠢ ᠡᠵᠡᠩᠨᠡᠯᠳᠡ ᠤᠨ ᠦᠨᠡᠮᠯᠡᠯ ᠢᠶᠠᠨ ᠠᠪᠤᠪᠠ︾                 — ᠠᠵᠤ ᠠᠬᠤᠶᠢᠯᠠᠯ ᠤᠨ ᠠᠵᠢᠯᠲᠠᠨ     ᠵᠣᠣ ᠳ᠋ᠠᠨ      ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠦᠭᠵᠢᠬᠡᠵᠤ᠂ ᠠᠵᠤ ᠠᠬᠤᠶᠢᠯᠠᠯ ᠤᠨ ᠡᠵᠡᠩᠨᠡᠯᠳᠡ ᠶᠢᠨ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠬᠦ ᠶᠢᠨ ᠲᠦᠯᠦᠬᠡ᠂ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠳᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ᠂ ᠬᠤᠯᠪᠤᠭᠠᠳᠤ ᠳᠡᠯᠭᠡᠭᠦᠷ ᠤᠨ ᠲᠤᠭ᠎ᠠ ᠨᠢ ᠣᠯᠠᠨ᠂ ᠲᠠᠷᠬᠠᠯᠲᠠ ᠨᠢ ᠥᠷᠭᠡᠨ ᠵᠡᠷᠭᠡ ᠣᠨᠴᠠᠯᠢᠭ ᠲᠤ ᠴᠢᠭᠯᠡᠭᠦᠯᠦᠨ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠬᠤᠯᠪᠤᠭᠠᠳᠤ ᠳᠡᠯᠭᠡᠭᠦᠷ ᠤᠨ ︽ᠲᠥᠪᠯᠡᠷᠡᠭᠦᠯᠦᠨ ᠳᠠᠩᠰᠠᠯᠠᠬᠤ︾ ᠦᠢᠯᠡᠴᠢᠯᠡᠭᠡ ᠶᠢ ᠠᠬᠢᠭᠤᠯᠵᠤ᠂ ᠬᠠᠪᠰᠤᠷᠤᠨ ᠬᠦᠢᠴᠡᠳᠬᠡᠬᠦ ᠣᠷᠣᠯᠠᠨ ᠭᠦᠢᠴᠡᠳᠬᠡᠬᠦ᠂ ᠲᠥᠪᠯᠡᠷᠡᠭᠦᠯᠦᠨ ᠳᠠᠩᠰᠠᠯᠠᠬᠤ᠂ ᠠᠦ᠋ᠲᠴᠢᠯᠠᠭᠰᠠᠨ ᠦᠨᠡᠮᠯᠡᠯ ᠣᠯᠭᠤᠬᠤ ᠠᠷᠭ᠎ᠠ ᠬᠡᠯᠪᠡᠷᠢ ᠪᠠᠷ ᠤᠯᠠᠨ ᠬᠤᠯᠪᠤᠭᠠᠳᠤ ᠪᠠᠶᠢᠭᠤᠯᠤᠮᠵᠢ ᠶᠢᠨ ᠡᠵᠡᠩᠨᠡᠯᠲᠡ ᠶᠢᠨ ᠦᠨᠡᠮᠯᠡᠯ ᠢ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠨᠢᠭᠡ ᠯᠠ ᠤᠳᠠᠭ᠎ᠠ ᠳᠤ ᠭᠦᠢᠴᠡᠳᠬᠡᠵᠦ᠂ ᠠᠵᠤ ᠠᠬᠤᠶᠢᠯᠠᠯ ᠤᠨ ︽ᠨᠢᠭᠡ ᠤᠳᠠᠭ᠎ᠠ ᠳᠤ ᠤᠯᠠᠨ ᠶᠠᠪᠤᠳᠠᠯ ᠢ ᠬᠦᠢᠴᠡᠳᠬᠡᠬᠦ᠂ ᠣᠨᠳᠣᠣ ᠭᠠᠵᠠᠷ ᠲᠤ ᠤᠴᠢᠷ ᠶᠠᠪᠤᠳᠠᠯ ᠢ ᠬᠦᠢᠴᠡᠳᠬᠡᠬᠦ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠢ ᠬᠦᠢᠴᠡᠳᠬᠡᠬᠦ︾ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠡᠶᠡᠯᠡᠬᠦᠯᠪᠡ᠃      ︽ᠬᠤᠯᠪᠤᠭᠠᠳᠤ ᠪᠠᠶᠢᠭᠤᠯᠤᠮᠵᠢ ᠶᠢ ᠲᠥᠪᠯᠡᠷᠡᠭᠦᠯᠦᠨ ᠳᠠᠩᠰᠠᠯᠠᠬᠤ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ  ᠨᠢᠭᠡ ᠪᠡᠶ᠎ᠡ ᠪᠠᠨ ᠳᠠᠭᠠᠭᠠᠭᠰᠠᠨ ᠲᠤᠬᠠᠶᠢᠯᠠᠭᠰᠠᠨ ᠠᠵᠢᠯ ᠮᠥᠨ᠃ ᠨᠡᠷᠡᠶᠢᠳᠦᠯ ᠢ ᠲᠥᠪᠯᠡᠷᠡᠭᠦᠯᠦᠨ ᠬᠢᠨᠠᠨ ᠬᠠᠷᠭᠤᠭᠤᠯᠬᠤ᠂ ᠠᠵᠤ ᠠᠬᠤᠶᠢᠯᠠᠯ ᠡᠷᠭᠢᠯᠡᠬᠦ ᠶᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠵᠥᠪᠬᠡᠨ ᠬᠠᠭᠠᠰ ᠡᠳᠦᠷ ᠤᠨ ᠳᠣᠲᠣᠷ᠎ᠠ ᠣᠯᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠢ ᠨᠢᠭᠡ ᠯᠡ ᠤᠳᠠᠭ᠎ᠠ ᠳᠤ ᠭᠠᠷᠳᠠᠵᠤ᠂ ᠲᠡᠳᠡᠨ ᠳᠤ ᠴᠠᠭ ᠢ ᠨᠢ ᠠᠷᠪᠢᠯᠠᠵᠤ ᠥᠭᠭᠦᠭᠰᠡᠨ ᠪᠠᠶᠢᠨ᠎ᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢᠨ ᠳᠠᠭᠠᠤ ᠳᠤ᠂ ᠬᠦᠢᠴᠡᠳᠬᠡᠬᠦ ᠴᠠᠭ ᠢ ᠪᠠᠭᠠᠰᠬᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠲᠦᠬᠦᠮᠴᠢᠯᠡᠬᠦ ᠪᠠᠷ ᠳᠠᠮᠵᠢᠭᠤᠯᠤᠨ᠂ ᠡᠨᠡ ᠵᠢᠯ ᠮᠠᠨ ᠤ  ᠳᠤᠪᠴᠢᠶᠠᠨ ᠤ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠨᠢᠭᠡᠨᠲᠡ ᠲᠦᠮᠡᠨ ᠡᠷᠦᠬᠡ  ᠶᠢ ᠳᠠᠪᠠᠭᠰᠠᠨ ᠪᠠᠶᠢᠨ᠎ᠠ︾               — ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠡᠳ᠋ ᠲᠣᠪᠴᠢᠶᠠᠨ ᠳᠠᠷᠤᠭ᠎ᠠ   ᠸᠠᠩ ᠴᠧᠨ ᠢᠦᠢ
ᠢᠷᠡᠯᠲᠡ᠄ ᠳᠤᠰ ᠰᠦᠯᠵᠢᠶ᠎ᠡ