【ᠵᠤᠯ ᠵᠢᠷᠭᠠᠯᠳᠤ ᠳ᠋ᠦᠩᠱᠧᠩ ᠤᠨ ᠪᠠᠶᠠᠷ ᠵᠢᠷᠭᠠᠯᠳᠤ ᠠᠷᠠᠳ ᠤᠨ ᠠᠮᠢᠳᠤᠷᠠᠯ】ᠬᠠᠭᠤᠴᠢᠨ ᠠᠰᠠᠷ ᠰᠢᠨᠡᠴᠢᠯᠡᠭᠳᠡᠯ᠎ᠡ︕ ᠳᠤᠬᠢᠯᠢᠭ ᠰᠠᠶᠢᠬᠠᠨ ᠰᠠᠭᠤᠴᠠ  ᠲᠠᠢ ᠪᠤᠯᠤᠭᠰᠠᠨ ᠲᠤᠬᠠᠳᠠᠢ ᠠᠷᠠᠳ ᠤᠨ ᠰᠡᠳᠬᠢᠯ ᠲᠡᠨᠢᠬᠦᠨ
ᠨᠡᠶᠢᠲᠡᠯᠡᠭᠰᠡᠨ ᠴᠠᠭ᠄
2023/8/17
     ᠣᠲᠤᠭ ᠵᠡᠭᠡᠯᠢ ᠪᠣᠯᠣᠨ ᠬᠠᠩᠭᠢᠨ ᠵᠠᠮ ᠤᠨ ᠠᠭᠤᠯᠵᠠᠷ ᠲᠤ ᠪᠠᠶᠢᠭ᠎ᠠ ᠺᠧᠦ ᠠᠨ ᠰᠠᠭᠤᠭᠠᠯᠢ ᠲᠣᠭᠤᠷᠢᠭ ᠢ 1995 ᠣᠨ ᠳᠤ ᠪᠠᠶᠢᠭᠤᠯᠵᠤ᠂ ᠰᠠᠭᠤᠭᠠᠯᠢ ᠲᠣᠭᠤᠷᠢᠭ ᠲᠤ ᠨᠡᠶᠢᠲᠡ 2 ᠰᠠᠭᠤᠷᠢ ᠠᠰᠠᠷ ᠲᠠᠢ᠂ 30 ᠡᠷᠦᠬᠡ ᠰᠠᠭᠤᠭᠠᠯᠢ ᠠᠷᠠᠳ ᠰᠠᠭᠤᠵᠤ ᠪᠤᠢ᠃ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠰᠠᠭᠤᠭᠠᠯᠢ ᠲᠣᠭᠤᠷᠢᠭ ᠲᠤ ᠢᠯᠴᠢ ᠬᠠᠩᠭᠠᠬᠤ ᠪᠠ ᠤᠰᠤ ᠭᠠᠳᠠᠭᠰᠢᠯᠠᠭᠤᠯᠬᠤ ᠪᠠᠷ ᠠᠨᠠᠢ᠂ ᠰᠠᠭᠤᠷᠢ ᠲᠥᠬᠦᠭᠡᠷᠦᠮᠵᠢ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠨᠡ ᠵᠢᠯ᠂ ᠲᠣᠰ ᠰᠠᠭᠤᠭᠠᠯᠢ ᠲᠣᠭᠤᠷᠢᠭ ᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠳᠤ ᠣᠷᠣᠭᠤᠯᠵᠤ᠂ ᠰᠠᠭᠤᠭᠠᠯᠢ ᠲᠣᠭᠤᠷᠢᠭ ᠤᠨ ︽ᠭᠤᠷᠪᠠᠨ ᠲᠣᠣᠷ ᠬᠤᠭᠤᠯᠠᠢ︾᠂ ᠰᠠᠭᠤᠭᠠᠯᠢ ᠲᠣᠭᠤᠷᠢᠭ ᠤᠨ ᠳᠣᠲᠣᠷᠠᠬᠢ ᠵᠠᠮ᠂ ᠭᠠᠯ ᠢ ᠰᠡᠷᠬᠡᠶᠢᠯᠡᠬᠦ ᠲᠥᠬᠦᠭᠡᠷᠦᠮᠵᠢ᠂ ᠬᠦᠷᠢᠶ᠎ᠡ ᠬᠡᠷᠡᠮ ᠵᠡᠷᠭᠡ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠥᠭᠡᠷᠡᠴᠢᠯᠡᠪᠡ᠃ ᠣᠲᠣ ᠪᠣᠯᠲᠠᠯ᠎ᠠ᠂ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠠᠵᠢᠯ ᠤᠨ 80% ᠶᠢ ᠨᠢᠭᠡᠨᠲᠡ ᠪᠡᠶᠡᠯᠡᠭᠦᠯᠵᠦ᠂ ᠢᠯᠴᠢ ᠬᠠᠩᠭᠠᠬᠤ ᠲᠣᠣᠷ ᠢ ᠶᠠᠭ ᠵᠠᠰᠠᠵᠤ ᠪᠠᠶᠢᠨ᠎ᠠ᠂ ᠲᠣᠰ ᠰᠠᠷ᠎ᠠ ᠶᠢᠨ ᠰᠡᠭᠦᠯᠴᠢ ᠳᠤ ︽ᠭᠤᠷᠪᠠᠨ ᠲᠣᠣᠷ ᠬᠤᠭᠤᠯᠠᠢ︾ ᠶᠢᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠬᠦ ᠪᠠᠷ ᠲᠥᠯᠥᠪᠯᠡᠵᠦ ᠪᠣᠶ᠃
01.jpg
2.jpg
4.jpg
     ︽ᠤᠤᠯ ᠨᠢ ᠮᠠᠨ ᠤ ᠰᠠᠭᠤᠭᠠᠯᠢ ᠲᠣᠭᠤᠷᠢᠭ ᠲᠤ ᠨᠢᠭᠡ ᠢᠯᠴᠢ ᠬᠠᠩᠭᠠᠬᠤ ᠬᠤᠭᠤᠯᠠᠢ ᠲᠠᠢ᠂ ᠳᠡᠮᠡᠢ ᠳᠤᠯᠠᠭᠠᠨ ᠦᠭᠡᠢ ᠪᠠᠶᠢᠵᠠᠢ᠃ ᠣᠳᠣ ᠲᠤᠯᠠᠭᠠᠯᠭ᠎ᠠ ᠳᠤ ᠥᠭᠡᠷᠡᠴᠢᠯᠡᠯᠲᠡ ᠬᠢᠭᠰᠡᠨ ᠠᠴᠠ ᠡᠨᠡ ᠡᠪᠦᠯ ᠳᠤᠯᠠᠭᠠᠬᠠᠨ ᠡᠪᠦᠯᠵᠢᠵᠦ᠂ ᠳᠠᠬᠢᠭᠠᠳ ᠨᠠᠰᠤᠲᠠᠨ ᠪᠠ ᠬᠡᠦᠬᠡᠳ ᠢᠶᠠᠨ ᠳᠠᠭᠠᠷᠠᠬᠤ ᠠᠴᠠ ᠠᠶᠤᠬᠤ ᠦᠭᠡᠢ ᠪᠣᠯᠵᠠᠢ︾᠃                                                                                — ᠰᠠᠭᠤᠭᠠᠯᠢ ᠠᠷᠠᠳ ᠵᠠᠩ ᠺᠤᠸᠠᠨ
5.jpg
    ︽ᠡᠨᠡ ᠤᠳᠠᠭᠠᠨ ᠤ ᠥᠭᠡᠷᠡᠴᠢᠯᠡᠯᠲᠡ ᠪᠠᠷ ᠳᠠᠮᠵᠢᠭᠠᠳ᠂ ᠬᠤᠶᠢᠰᠢᠳᠠ ᠤᠰᠤ ᠬᠡᠷᠡᠭᠯᠡᠬᠦ ᠳᠤ ᠨᠠᠩ ᠲᠥᠬᠦᠮ᠂ ᠴᠠᠬᠢᠯᠭᠠᠨ ᠬᠡᠷᠡᠭᠯᠡᠬᠦ ᠳᠤ ᠨᠠᠩ ᠠᠮᠤᠷ ᠲᠦᠪᠰᠢᠨ ᠪᠣᠯᠵᠤ᠂ ᠳᠠᠬᠢᠨ ᠳᠠᠪᠳᠠᠨ ᠪᠤᠬᠢᠷ ᠤᠰᠤᠨ ᠬᠤᠭᠤᠯᠠᠢ ᠶᠢ ᠨᠡᠪᠲᠡᠷᠡᠭᠦᠯᠬᠦ ᠴᠢᠬᠤᠯᠠ ᠦᠭᠡᠢ ᠪᠤᠯᠵᠤ᠂ ᠰᠠᠭᠤᠭᠠᠯᠢ ᠲᠤᠭᠤᠷᠢᠭ ᠤᠨ ᠳᠤᠳᠤᠷᠠᠬᠢ ᠣᠷᠴᠢᠨ ᠲᠣᠭᠤᠷᠢᠨ ᠨᠢ ᠴᠤ ᠰᠠᠶᠢᠵᠢᠷᠠᠵᠠᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠭᠰᠡᠨ ᠨᠢ ᠰᠠᠭᠤᠭᠠᠯᠢ ᠠᠷᠠᠳ ᠲᠤ ᠠᠪᠴᠤ ᠬᠡᠯᠡᠪᠡᠯ ᠦᠨᠡᠬᠡᠷ ᠶᠡᠭᠡ ᠰᠠᠶᠢᠨ ᠶᠠᠪᠤᠳᠠᠯ ᠪᠣᠯᠣᠨ᠎ᠠ︾ ᠭᠡᠵᠡᠢ᠃                                                                                — ᠰᠠᠭᠤᠭᠠᠯᠢ ᠠᠷᠠᠳ ᠵᠠᠩ ᠶᠣᠣ      ᠴᠡᠴᠡᠷᠯᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠩ ᠪᠥᠸᠧ ᠨᠡᠶᠢᠬᠡᠮ ᠲᠤᠭᠤᠷᠢᠭ ᠤᠨ ᠠᠮᠤᠷ ᠲᠦᠪᠰᠢᠨ ᠤ ᠲᠣᠪᠴᠢᠶᠠᠨ ᠤ ᠰᠠᠭᠤᠭᠠᠯᠢ ᠲᠣᠭᠤᠷᠢᠭ ᠢ ᠪᠠᠰᠠ ᠦᠭᠡᠷᠡᠴᠢᠯᠡᠨ ᠰᠢᠨᠡᠳᠬᠡᠵᠤ ᠡᠬᠢᠯᠡᠯ᠎ᠡ     ᠠᠮᠤᠷ ᠲᠦᠪᠰᠢᠨ ᠤ ᠲᠣᠪᠴᠢᠶ᠎ᠠ ᠶᠢᠨ ᠰᠠᠭᠤᠭᠠᠯᠢ ᠲᠣᠭᠤᠷᠢᠭ ᠢ 1996 ᠣᠨ ᠳᠤ ᠪᠠᠶᠢᠭᠤᠯᠵᠤ᠂ ᠨᠡᠶᠢᠲᠡ 41 ᠡᠷᠦᠬᠡ ᠪᠠᠶᠢᠵᠤ᠂ ᠪᠠᠷᠢᠯᠭ᠎ᠠ ᠶᠢᠨ ᠲᠠᠯᠠᠪᠠᠶ  ᠨᠢ 4200 ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡᠯᠢᠭ ᠬᠠᠭᠤᠴᠢᠨ ᠰᠠᠭᠤᠭᠠᠯᠢ ᠲᠣᠭᠤᠷᠢᠭ ᠪᠤᠯᠤᠨ᠎ᠠ᠃ ᠳᠠᠮᠵᠢᠭᠤᠯᠬᠤ ᠬᠤᠭᠤᠯᠠᠢ ᠬᠠᠭᠤᠴᠢᠷᠠᠵᠤ ᠡᠪᠳᠡᠷᠡᠭᠰᠡᠨ ᠠᠰᠠᠭᠤᠳᠠᠯ ᠬᠦᠨᠳᠦ ᠨᠣᠴᠢᠲᠠᠢ ᠪᠠᠶᠢᠵᠤ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢ ᠪᠠᠲᠤᠯᠠᠬᠤ ᠪᠣᠯ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠮᠥᠨ᠃ ᠲᠣᠰ ᠤᠳᠠᠭᠠᠨ ᠤ ᠦᠬᠡᠷᠡᠴᠢᠯᠡᠨ ᠰᠢᠨᠡᠴᠢᠯᠡᠯᠳᠡ ᠳᠤ ᠪᠣᠬᠢᠷ ᠤᠰᠤᠨ ᠤ ᠬᠤᠭᠤᠯᠠᠢ ᠲᠣᠣᠷ᠂ ᠢᠯᠴᠢ ᠬᠠᠩᠭᠠᠬᠤ ᠬᠤᠭᠤᠯᠠᠢ ᠲᠣᠣᠷ᠂ ᠤᠰᠤ ᠭᠠᠳᠠᠭᠰᠢᠯᠠᠭᠤᠯᠬᠤ᠂ ᠰᠠᠭᠤᠭᠠᠯᠢ ᠲᠣᠭᠤᠷᠢᠭ ᠤᠨ ᠵᠠᠮ ᠢ ᠳᠡᠪᠢᠰᠬᠦ᠂ ᠡᠭᠦᠳᠡ᠂ ᠬᠦᠷᠢᠶ᠎ᠡ ᠬᠡᠷᠡᠮ ᠵᠡᠷᠭᠡ ᠰᠠᠭᠤᠷᠢ ᠳᠦᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ ᠪᠠᠭᠲᠠᠨ᠎ᠠ᠃
6.jpg
8.jpg
     ︽ᠳᠠᠮᠵᠢᠭᠤᠯᠬᠤ ᠬᠤᠭᠤᠯᠠᠢ ᠶᠢᠨ ᠠᠰᠠᠭᠤᠳᠠᠯ ᠠᠴᠠ ᠪᠣᠯᠵᠤ ᠡᠪᠤᠯ ᠤᠨ ᠤᠯᠠᠷᠢᠯ ᠳᠤ ᠭᠡᠷ ᠳᠤᠳᠤᠷ᠎ᠠ ᠲᠤᠶᠢᠯ ᠤᠨ ᠬᠦᠢᠲᠡᠨ ᠪᠠᠶᠢᠳᠠᠭ᠂ ᠡᠨᠡ ᠤᠳᠠᠭ᠎ᠠ ᠳᠠᠮᠵᠢᠭᠤᠯᠬᠤ ᠬᠤᠭᠤᠯᠠᠢ ᠶᠢ ᠦᠭᠡᠷᠡᠴᠢᠯᠡᠨ ᠰᠢᠨᠡᠳᠬᠡᠭᠰᠡᠨ ᠳᠤ ᠪᠢᠳᠡ ᠰᠡᠳᠬᠢᠯ ᠤᠨ ᠬᠦᠨ ᠠᠴᠠ ᠪᠠᠨ ᠪᠠᠶᠠᠷᠯᠠᠵᠤ ᠪᠠᠶᠢᠨ᠎ᠠ︾ ᠭᠡᠪᠡ᠃                                                                               — ᠰᠠᠭᠤᠭᠠᠯᠢ ᠠᠷᠠᠳ ᠶᠠᠩ ᠹᠠᠨ
9.jpg
     ︽ᠡᠨᠡ ᠤᠳᠠᠭᠠᠨ ᠤ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠮᠠᠨ ᠤ ᠠᠷᠠᠳ ᠤᠯᠠᠨ ᠳᠤ ᠪᠣᠳᠠᠲᠠᠢ ᠠᠵᠢᠯ ᠬᠢᠵᠦ ᠥᠭᠭᠦᠭᠰᠡᠨ ᠶᠠᠪᠤᠳᠠᠯ ᠪᠣᠯᠣᠨ᠎ᠠ᠂ ᠳᠠᠮᠵᠢᠭᠤᠯᠬᠤ ᠬᠤᠭᠤᠯᠠᠢ ᠶᠢ ᠥᠭᠡᠷᠡᠴᠢᠯᠡᠬᠦ ᠪᠠᠷ ᠪᠠᠷᠠᠬᠤ ᠦᠭᠡᠢ᠂ ᠪᠠᠰᠠ ᠡᠭᠦᠳᠡ᠂ ᠵᠠᠮ ᠵᠡᠷᠭᠡ ᠳᠤ ᠴᠦᠮ ᠦᠭᠡᠷᠡᠴᠢᠯᠡᠯᠳᠡ ᠬᠢᠵᠡᠢ᠃ ᠬᠤᠵᠢᠮ ᠶᠠᠪᠤᠵᠤ ᠰᠠᠭᠤᠬᠤ ᠳᠤ ᠮᠠᠰᠢ ᠳᠦᠬᠦᠮ ᠪᠤᠯᠬᠤ ᠶᠢ ᠪᠤᠳᠤᠬᠤ ᠳᠤᠳᠤᠮ ᠰᠡᠳᠬᠢᠯ ᠳᠣᠲᠣᠷ᠎ᠠ ᠳᠤᠯᠠᠭᠠᠬᠠᠨ ᠰᠠᠨᠠᠭᠳᠠᠨ᠎ᠠ︾ ᠭᠡᠵᠦ ᠬᠡᠯᠡᠪᠡ᠃                                                                            — ᠰᠠᠭᠤᠭᠠᠯᠢ ᠠᠷᠠᠳ ᠦ᠋ ᠴᠧᠩ ᠵᠢᠶᠦ᠋ᠨ
10.jpg
     ᠣᠶᠢᠯᠠᠭᠠᠭᠰᠠᠨ ᠢᠶᠠᠷ᠂ ᠡᠨᠡ ᠵᠢᠯ ᠳ᠋ᠦᠩᠱᠧᠩ ᠲᠣᠭᠤᠷᠢᠭ ᠨᠢᠭᠡ ᠰᠠᠭᠤᠭᠠᠯᠢ ᠲᠣᠭᠤᠷᠢᠭ ᠨᠢᠭᠡ ᠢᠵᠢ ᠲᠥᠰᠥᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠪᠠᠯᠭᠠᠰᠤᠨ ᠤ 49 ᠬᠠᠭᠤᠴᠢᠨ ᠰᠠᠭᠤᠭᠠᠯᠢ ᠲᠣᠭᠤᠷᠢᠭ ᠲᠤ ᠥᠭᠡᠷᠡᠴᠢᠯᠡᠯᠲᠡ ᠬᠢᠵᠦ᠂ 4745 ᠣᠯᠠᠨ ᠲᠦᠮᠡᠨ ᠳᠤ ᠠᠰᠢᠭ ᠬᠦᠷᠳᠡᠭᠡᠨ᠎ᠡ᠃ ᠣᠳᠣᠬᠠᠨ ᠳᠤ ᠨᠢᠭᠡᠨᠲᠡ 16 ᠲᠥᠷᠥᠯ ᠵᠦᠢᠯ ᠢ ᠠᠵᠢᠯ ᠡᠬᠢᠯᠡᠭᠦᠯᠵᠦ᠂ ᠦᠯᠡᠳᠡᠭᠰᠡᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠣᠶᠢᠷ᠎ᠠ ᠶᠢᠨ ᠬᠤᠭᠤᠴᠠᠭᠠᠨ ᠳᠤ ᠵᠠᠯᠭᠠᠭ᠎ᠠ ᠪᠠᠷ ᠠᠵᠢᠯ ᠡᠬᠢᠯᠡᠬᠦᠯᠦᠨ᠂ ᠪᠤᠢ ᠪᠦᠬᠦᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ 11 ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ ᠪᠤᠢ᠃     ᠥᠭᠡᠷᠡᠴᠢᠯᠡᠨ ᠰᠢᠨᠡᠳᠬᠡᠬᠦ ᠢᠨᠵᠧᠨᠧᠷᠢᠩ ᠨᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠰᠥᠯ ᠢ ᠵᠢᠷᠤᠵᠤ ᠲᠥᠯᠥᠪᠯᠡᠬᠦ ᠠᠵᠢᠯ ᠠᠴᠠ ᠡᠬᠢᠯᠡᠬᠦᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠭᠡᠷᠡᠴᠢᠯᠡᠨ ᠰᠢᠨᠡᠳᠬᠡᠬᠦ ᠠᠭᠤᠯᠭ᠎ᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠶᠢᠵᠢᠷᠠᠭᠤᠯᠤᠭᠰᠠᠨ ᠤᠷᠢᠲᠠᠯ ᠳᠣᠣᠷ᠎ᠠ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠡᠭᠦᠨ ᠤ ᠤᠯᠠᠮ ᠠᠴᠠ ᠥᠭᠡᠷᠡᠴᠢᠯᠡᠨ ᠰᠢᠨᠡᠳᠬᠡᠬᠦ ᠠᠭᠤᠯᠭ᠎ᠠ ᠶᠢ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠨᠠᠩ ᠨᠡᠶᠢᠴᠡᠬᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ