ᠪᠦᠬᠦ ᠤᠷᠤᠨ ᠤ ᠳᠠᠪᠤᠳᠤᠭᠠᠷ ᠬᠤᠭᠤᠴᠠᠭᠠᠨ ᠤ ᠤᠯᠠᠨ ᠲᠦᠮᠡᠨ ᠤ ᠳᠠᠭᠤᠨ ᠤ ᠦᠵᠡᠬᠦᠯᠬᠡ ᠶᠢᠨ ᠳᠤᠭᠯᠠᠯᠳᠠ ᠳ᠋ᠦᠩᠱᠧᠩ ᠳᠤᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/8/18
      8 ᠰᠠᠷ᠎ᠠ ᠶᠢᠨ 16 ᠤ ᠣᠷᠣᠢ᠂  ︽ᠤᠮᠠᠷᠠᠳᠤ ᠬᠢᠯᠢ ᠶᠢᠨ ᠮᠠᠭᠳᠠᠭᠠᠯ︾ ᠪᠦᠬᠦ ᠤᠷᠤᠨ ᠤ ᠳᠠᠪᠤᠳᠤᠭᠠᠷ ᠬᠤᠭᠤᠴᠠᠭᠠᠨ ᠤ ᠤᠯᠠᠨ ᠲᠦᠮᠡᠨ ᠤ ᠳᠠᠭᠤᠨ ᠤ ᠦᠵᠡᠬᠦᠯᠬᠡ ᠶᠢᠨ ᠳᠤᠭᠯᠠᠯᠳᠠ ᠳ᠋ᠦᠩᠱᠧᠩ ᠲᠣᠭᠤᠷᠢᠭ ᠤᠨ ᠬᠦᠷᠡᠯ ᠪᠠᠭᠠᠵᠢ ᠶᠢᠨ ᠰᠤᠶᠤᠯ ᠤᠨ ᠠᠭᠤᠳᠠᠮ ᠲᠠᠯᠠᠪᠠᠢ ᠳᠤ  ᠶᠠᠪᠤᠭᠳᠠᠪᠠ᠃
微信图片_20230822171939_3.jpg  
     ᠪᠦᠬᠦ ᠣᠷᠣᠨ ᠤ ᠡᠯ᠎ᠡ ᠠᠶᠢᠮᠠᠭ ᠬᠤᠳᠠ ᠠᠴᠠ ᠬᠦᠷᠦᠯᠴᠡᠨ ᠢᠷᠡᠭᠰᠡᠨ 14 ᠰᠢᠯᠢᠳᠡᠭ ᠤᠯᠠᠨ ᠲᠦᠮᠡᠨ ᠤ ᠨᠠᠶᠢᠷᠠᠯ  ᠳᠠᠭᠤᠨ ᠤ ᠲᠦᠯᠦᠬᠡᠯᠡᠭᠴᠢᠳ ᠤᠨ ᠪᠦᠯᠬᠦᠮ ᠤᠨ 680 ᠭᠠᠷᠤᠢ ᠬᠡᠰᠢᠬᠦᠨ ᠢᠷᠠᠭᠤ ᠰᠣᠨᠣᠰᠬᠤᠯᠠᠩ ᠲᠠᠢ᠂ ᠴᠠᠭ ᠦᠶ᠎ᠡ ᠶᠢᠨ ᠥᠪᠡᠷᠮᠢᠴᠡ ᠣᠨᠴᠠᠯᠢᠭ ᠲᠠᠢ ᠳᠠᠭᠤᠤ ᠪᠠᠷ ᠢᠶᠠᠨ ᠲᠤᠬᠠᠢ ᠶᠢᠨ ᠲᠠᠯᠠᠪᠠᠶ ᠶᠢᠨ ᠦᠵᠡᠭᠴᠢᠳ ᠤᠨ ᠤᠷᠮ᠎ᠠ ᠵᠣᠷᠢᠭ ᠢ ᠬᠦᠭᠵᠢᠬᠡᠵᠤ᠂  ᠤᠯᠠᠨ ᠲᠦᠮᠡᠨ ᠤ ᠰᠤᠨᠤᠷ ᠢ ᠮᠢᠯᠢᠶᠡᠪᠡ᠃       ᠡᠯ᠎ᠡ ᠲᠦᠯᠦᠬᠡᠯᠡᠭᠴᠢᠳ ᠤᠨ ᠪᠦᠯᠬᠦᠮ ᠤᠨ ᠬᠢᠨ ᠠᠶ᠎ᠠ ᠳᠠᠭᠤᠤ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠪᠦᠬᠦ ᠣᠷᠣᠨ ᠤ ᠥᠷᠭᠡᠨ ᠤᠯᠠᠨ ᠠᠷᠠᠳ ᠲᠦᠮᠡᠨ ᠤ ᠨᠠᠮ ᠳᠠᠭᠠᠨ ᠳᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠦᠢᠴᠡᠳ ᠢᠯᠡᠷᠡᠬᠦᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠰᠡᠳᠬᠢᠯ ᠨᠢᠭᠡᠳᠦᠨ ᠨᠠᠮ ᠳᠠᠭᠠᠨ ᠦᠨᠡᠨᠴᠢ ᠪᠠᠶᠢᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠠᠠᠳᠠᠷᠠᠭᠤᠯᠪᠠ᠃
闫利霞.jpg
      ︽ᠲᠤᠰ ᠤᠳᠠᠭᠠᠨ ᠤ ᠠᠵᠢᠯᠯᠠᠭ᠎ᠠ ᠶᠢ ᠳᠠᠶᠢᠴᠢᠯᠠᠬᠤ᠂ ᠰᠢᠯᠢᠨ ᠰᠣᠩᠭᠤᠬᠤ᠂ ᠳᠤᠭᠯᠠᠯᠳᠠ ᠭᠠᠷᠭᠠᠬᠤ ᠵᠡᠷᠬᠡ ᠭᠤᠷᠪᠠᠨ ᠱᠠᠲᠤ ᠬᠤᠪᠢᠶᠠᠪᠠ᠂ ᠡᠯ᠎ᠡ ᠠᠶᠢᠮᠠᠭ ᠬᠤᠳᠠ ᠶᠢᠨ ᠬᠢᠨ ᠲᠤᠬᠠᠢ ᠶᠢᠨ ᠭᠠᠵᠠᠷ ᠤᠨ ᠰᠢᠯᠢᠳᠡᠭ ᠨᠠᠶᠢᠷᠠᠯ ᠳᠠᠭᠤᠤ ᠶᠢᠨ ᠪᠦᠯᠬᠦᠮ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠢᠯᠢᠨ ᠰᠣᠩᠭᠤᠵᠤ᠂ ᠳ᠋ᠦᠩᠱᠧᠩ ᠲᠣᠭᠤᠷᠢᠭ ᠲᠤ ᠴᠤᠭᠯᠠᠷᠠᠨ ᠬᠠᠮᠳᠤ ᠪᠠᠷ ᠢᠶᠠᠨ ᠰᠢᠯᠭᠠᠷᠠᠭᠤᠯᠤᠯᠳᠠ ᠳᠤ ᠤᠷᠤᠯᠴᠠᠪᠠ᠃ ᠣᠯᠠᠨ ᠵᠢᠯ ᠤᠨ ᠨᠠᠷᠢᠨ ᠨᠢᠮᠪᠠᠶ ᠴᠤᠭᠴᠠᠯᠠᠯᠳᠠ ᠪᠠᠷ ᠳᠠᠮᠵᠢᠭᠤᠯᠤᠨ᠂ ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠠᠯᠢᠭ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠠᠰᠤᠷᠠᠯᠲᠠ ᠥᠬᠡᠶ ᠬᠥᠭᠵᠢᠭᠡᠵᠦ᠂ ᠨᠢᠭᠡ ᠪᠦᠯᠦᠭ ᠰᠢᠯᠢᠳᠡᠭ ᠨᠠᠶᠢᠷᠠᠯ ᠳᠠᠭᠤᠤ ᠶᠢᠨ ᠪᠦᠯᠬᠦᠮ ᠢ ᠪᠤᠶᠢᠵᠢᠭᠤᠯᠵᠤ᠂ ᠣᠯᠠᠨ ᠲᠦᠮᠡᠨ ᠤ ᠨᠠᠶᠢᠷᠠᠯ ᠳᠠᠭᠤᠤ ᠶᠢᠨ ᠪᠦᠯᠬᠦᠮ ᠤᠨ ᠤᠷᠠᠯᠢᠭ ᠤᠨ ᠲᠦᠪᠰᠢᠨ ᠢ ᠳᠡᠭᠡᠭᠰᠢᠯᠡᠭᠦᠯᠪᠡ᠃︾     — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ   ᠶᠠᠨ ᠯᠢ ᠰᠢᠶᠠ      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ 2 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠷᠴᠠ ᠰᠢᠷᠦᠬᠦᠨ ᠦᠷᠢᠰᠦᠯᠳᠦᠬᠡᠨ ᠢᠶᠠᠷ ᠳᠠᠮᠵᠢᠨ ᠤᠷᠳᠤᠰ ᠬᠤᠳᠠ ᠶᠢᠨ ᠲᠦᠯᠦᠬᠡᠯᠡᠭᠴᠢᠳ ᠤᠨ ᠪᠦᠯᠬᠦᠮ ᠤᠨ ᠱᠧᠩ ᠳ᠋ᠦ᠋ ᠠᠢ ᠶᠤᠸᠠᠢ ᠨᠠᠶᠢᠷᠠᠯ ᠳᠠᠭᠤᠨ ᠤ ᠪᠦᠯᠬᠦᠮ ᠪᠤᠯᠤᠨ ᠦᠬᠠᠢ ᠬᠤᠳᠠ ᠶᠢᠨ ᠲᠦᠯᠦᠬᠡᠯᠡᠭᠴᠢᠳ ᠤᠨ ᠪᠦᠯᠬᠦᠮ ᠨᠢᠬᠡᠳᠤᠬᠡᠷ ᠳᠡᠰ ᠤᠨ ᠱᠠᠩᠨᠠᠯ ᠬᠦᠷᠳᠡᠵᠤ᠂ ᠤᠷᠳᠤᠰ ᠬᠤᠳᠠ ᠶᠢᠨ ᠲᠦᠯᠦᠬᠡᠯᠡᠭᠴᠢᠳ ᠤᠨ ᠪᠦᠯᠬᠦᠮ ᠤᠨ ︽ᠳᠠᠯ᠎ᠠ ᠶᠢᠨ ᠬᠡᠤᠬᠡᠨ︾ ᠨᠠᠶᠢᠷᠠᠯ ᠳᠠᠭᠤᠨ ᠤ ᠪᠦᠯᠬᠦᠮ᠂ ᠬᠢᠩᠭᠠᠨ ᠠᠶᠢᠮᠠᠭ ᠤᠨ ᠲᠦᠯᠦᠬᠡᠯᠡᠭᠴᠢᠳ ᠤᠨ ᠪᠦᠯᠬᠦᠮ᠂ ᠤᠯᠠᠭᠠᠨᠴᠠᠪ ᠬᠤᠳᠠ ᠶᠢᠨ ᠲᠦᠯᠦᠬᠡᠯᠡᠭᠴᠢᠳ ᠤᠨ ᠪᠦᠯᠬᠦᠮ ᠬᠤᠶᠠᠳᠤᠭᠠᠷ ᠳᠡᠰ ᠤᠨ ᠱᠠᠩᠨᠠᠯ ᠢ ᠳᠤᠰᠴᠤ᠂ ᠠᠯᠠᠱᠠ ᠠᠶᠢᠮᠠᠭ ᠤᠨ ᠲᠦᠯᠦᠬᠡᠯᠡᠭᠴᠢᠳ ᠤᠨ ᠪᠦᠯᠬᠦᠮ᠂ ᠤᠯᠠᠭᠠᠨᠬᠠᠳᠠ ᠬᠤᠳᠠ ᠶᠢᠨ ᠲᠦᠯᠦᠬᠡᠯᠡᠭᠴᠢᠳ ᠤᠨ ᠪᠦᠯᠬᠦᠮ᠂ ᠡᠷᠢᠶᠡᠨ ᠬᠤᠳᠠ ᠶᠢᠨ ᠲᠦᠯᠦᠬᠡᠯᠡᠭᠴᠢᠳ ᠤᠨ ᠪᠦᠯᠬᠦᠮ᠂ ᠮᠠᠨᠵᠤᠤᠷ ᠬᠤᠳᠠ ᠶᠢᠨ ᠲᠦᠯᠦᠬᠡᠯᠡᠭᠴᠢᠳ ᠤᠨ ᠪᠦᠯᠬᠦᠮ ᠭᠤᠷᠪᠠᠳᠤᠭᠠᠷ ᠳᠡᠰ ᠤᠨ ᠱᠠᠩᠨᠠᠯ ᠢ ᠬᠦᠷᠳᠡᠭᠰᠡᠨ ᠪᠠᠶᠢᠨ᠎ᠠ᠃
ᠢᠷᠡᠯᠲᠡ᠄ ᠳᠤᠰ ᠰᠦᠯᠵᠢᠶ᠎ᠡ