【ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠤᠶ᠎ᠠ】ᠵᠢᠯ ᠳᠤ 60 ᠲᠦᠮᠡᠨ ᠲᠥᠭᠦᠷᠢᠭ ᠤᠨ ᠠᠰᠢᠭ ᠬᠤᠪᠢᠶᠠᠯᠴᠠᠵᠤ᠂ ᠬᠠᠮᠲᠤ ᠶᠢᠨ ᠠᠵᠤ ᠠᠬᠤᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ
ᠨᠡᠶᠢᠲᠡᠯᠡᠭᠰᠡᠨ ᠴᠠᠭ᠄
2023/8/24
ᠶᠡᠷᠦᠩᠬᠡᠢ ᠪᠡᠯᠡ ᠣᠷᠣᠭᠤᠯᠤᠯᠲᠠ ᠨᠢ 194 ᠲᠦᠮᠡᠨ ᠲᠥᠭᠦᠷᠢᠭᠡᠳᠦᠷ ᠪᠦᠷᠢ ᠳᠤᠮᠳᠠᠴᠢ ᠪᠠᠷ 1.5 ᠲᠦᠮᠡᠨ ᠢᠵᠢ ᠬᠤᠭᠤᠯᠠᠨ ᠤ ᠬᠡᠷᠡᠭᠰᠡᠯ ᠢ ᠤᠬᠢᠶᠠᠵᠤ ᠴᠡᠪᠡᠷᠯᠡᠨ᠎ᠡᠲᠣᠰᠬᠤᠨ ᠤ ᠬᠠᠮᠲᠤ ᠨᠡᠶᠢᠳᠡ ᠵᠢᠯ ᠳᠤ 60 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠨ᠎ᠠᠲᠣᠰᠬᠤᠨ ᠤ ᠠᠷᠠᠳ ᠬᠡᠷ ᠠᠴᠠ ᠪᠠᠨ ᠦᠢᠷᠬᠠᠨ ᠠᠵᠢᠯᠯᠠᠨ᠎ᠠ

      ᠲᠦᠷᠦᠭᠦᠬᠡᠨ᠂ ᠰᠤᠷᠪᠤᠯᠵᠢᠯᠠᠭᠴᠢ ᠲᠦᠩᠴᠤᠸᠠᠨ ᠪᠠᠯᠭᠠᠰᠤᠨ ᠤ ᠳᠡᠬᠡᠷᠡᠮ᠎ᠡ ᠶᠢᠨ ᠰᠢᠯᠢ ᠲᠣᠰᠬᠤᠨ ᠤ ᠵᠧᠩ ᠶᠤᠸᠠᠨ ᠬᠤᠭᠤᠯᠠᠨ ᠤ ᠬᠡᠷᠡᠭᠰᠡᠯ ᠢ

ᠠᠷᠢᠭᠤᠳᠬᠠᠬᠤ ᠲᠥᠪ ᠲᠤ ᠬᠦᠷᠬᠦ ᠳᠤ᠂ ᠠᠵᠢᠯᠴᠢᠳ ᠶᠠᠭ ᠡᠮᠬᠢ ᠴᠡᠭᠴᠡ ᠪᠠᠷ ᠤᠷᠢᠳᠠᠪᠠᠷ ᠰᠢᠭᠠᠷᠤ ᠶᠢ ᠨᠢ ᠴᠡᠪᠡᠷᠯᠡᠵᠤ ᠤᠬᠢᠶᠠᠨ᠂ ᠳᠠᠬᠢᠨ ᠲᠣᠰᠣ ᠶᠢ ᠨᠢ

ᠠᠷᠢᠯᠭᠠᠵᠤ ᠤᠬᠢᠶᠠᠵᠤ᠂ ᠳᠠᠬᠢᠨ ᠨᠢᠬᠡ ᠠᠯᠬᠤᠮ ᠨᠠᠷᠢᠯᠢᠭ ᠰᠦᠷᠴᠢᠨ ᠤᠬᠢᠶᠠᠭᠠᠳ ᠥᠨᠳᠥᠷ ᠳᠤᠯᠠᠭᠠᠨ ᠢᠶᠠᠷ ᠠᠷᠢᠭᠤᠳᠬᠠᠵᠤ᠂ ᠪᠣᠭᠤᠳᠠᠯᠯᠠᠵᠤ ᠪᠠᠶᠢᠯ᠎ᠠ ᠁

      ︽ᠠᠶᠠᠭ᠎ᠠ ᠤᠬᠢᠶᠠᠬᠤ ᠦᠢᠯᠡᠳᠪᠦᠷᠢ ᠪᠠᠶᠢᠭᠤᠯᠤᠭᠳᠠᠭᠰᠠᠨ ᠤ ᠳᠠᠷᠠᠭ᠎ᠠ᠂ ᠠᠵᠢᠯ ᠣᠯᠬᠤ ᠠᠰᠠᠭᠤᠳᠠᠯ ᠢ ᠰᠢᠢᠳᠪᠦᠷᠢᠯᠡᠵᠦ᠂ ᠪᠢᠳᠠ ᠭᠡᠷ ᠤᠨ ᠡᠭᠦᠳᠡᠨ ᠳᠤ

 ᠪᠠᠨ ᠣᠷᠣᠯᠭ᠎ᠠ ᠪᠠᠨ ᠨᠡᠮᠡᠭᠳᠡᠬᠦᠯᠦᠬᠡᠳ ᠲᠣᠩ ᠠᠶᠠᠳᠠᠢ ᠪᠠᠶᠢᠨ᠎ᠠ︾᠃

                    —  ᠲᠦᠩᠴᠤᠸᠠᠨ ᠪᠠᠯᠭᠠᠰᠤᠨ ᠤ ᠳᠡᠬᠡᠷᠡᠮ᠎ᠡ ᠶᠢᠨ ᠰᠢᠯᠢ ᠲᠣᠰᠬᠤᠨ ᠤ ᠠᠷᠠᠳ   ᠵᠤᠤ ᠵᠧᠩ

      ︽ᠳᠡᠬᠡᠷᠡᠮ᠎ᠡ ᠶᠢᠨ ᠰᠢᠯᠢ ᠲᠣᠰᠬᠤᠨ ᠤ ᠵᠧᠩ ᠶᠤᠸᠠᠨ ᠬᠤᠭᠤᠯᠠᠨ ᠤ ᠬᠡᠷᠡᠭᠰᠡᠯ ᠢ ᠠᠷᠢᠭᠤᠳᠬᠠᠬᠤ ᠲᠥᠪ ᠪᠠᠶᠢᠭᠤᠯᠤᠭᠳᠠᠭᠰᠠᠨ ᠠᠴᠠ ᠨᠠᠰᠢ᠂ ᠡᠷᠬᠢᠨ

ᠲᠣᠭᠤᠷᠢᠨ ᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ 30 ᠭᠠᠷᠤᠢ ᠠᠵᠢᠯ ᠤᠨ ᠪᠠᠶᠢᠷᠢ ᠬᠠᠩᠭᠠᠵᠤ᠂ ᠵᠢᠯ ᠪᠦᠷᠢ ᠲᠣᠰᠬᠤᠨ ᠤ ᠬᠠᠮᠲᠤ ᠶᠢᠨ ᠠᠵᠤ

ᠠᠬᠤᠢ ᠳᠤ 60 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ

ᠨᠡᠮᠡᠷᠢᠯᠡᠪᠡ︾᠃

                    —  ᠲᠦᠩᠴᠤᠸᠠᠨ ᠪᠠᠯᠭᠠᠰᠤᠨ ᠤ ᠳᠡᠬᠡᠷᠡᠮ᠎ᠡ ᠶᠢᠨ ᠰᠢᠯᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠭᠡᠰᠢᠭᠦᠨ   ᠳ᠋ᠦ᠋ ᠶᠢᠨ ᠰᠢ

     ᠣᠶᠢᠯᠠᠭᠠᠭᠰᠠᠨ ᠢᠶᠠᠷ᠂ ᠵᠧᠩ ᠶᠤᠸᠠᠨ ᠬᠤᠭᠤᠯᠠᠨ ᠤ ᠬᠡᠷᠡᠭᠰᠡᠯ ᠢ ᠠᠷᠢᠭᠤᠳᠬᠠᠬᠤ ᠦᠢᠯᠡᠴᠢᠯᠡᠭᠡᠨ ᠤ ᠲᠥᠷᠥᠯ ᠵᠦᠢᠯ 2022 ᠣᠨ ᠤ 5 ᠰᠠᠷ᠎ᠠ ᠳᠤ

ᠪᠠᠶᠢᠭᠤᠯᠤᠭᠳᠠᠵᠤ᠂ ᠲᠣᠰ ᠲᠥᠷᠥᠯ ᠵᠦᠢᠯ ᠨᠢ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠠᠵᠢᠯᠯᠠᠵᠤ᠂ ᠨᠡᠶᠢᠲᠡ

194 ᠲᠦᠮᠡᠨ ᠲᠥᠭᠦᠷᠢᠭ ᠤᠨ ᠪᠡᠯᠡ ᠤᠷᠤᠭᠤᠯᠤᠨ᠂ 1 ᠢᠵᠢ ᠠᠶᠠᠭ᠎ᠠ ᠤᠬᠢᠶᠠᠬᠤ ᠠᠦ᠋ᠲ᠋ᠣ᠋ ᠮᠠᠰᠢᠨ ᠤ ᠴᠤᠪᠤᠷᠠᠯ ᠱᠤᠭᠤᠮ᠂ 1 ᠢᠵᠢ ᠪᠣᠭᠤᠳᠠᠯᠯᠠᠬᠤ ᠮᠠᠰᠢᠨ ᠤ

ᠴᠤᠪᠤᠷᠠᠯ ᠱᠤᠭᠤᠮ᠂ 1 ᠢᠵᠢ ᠰᠢᠨᠵᠢᠯᠡᠨ ᠰᠢᠯᠭᠠᠬᠤ ᠲᠥᠬᠦᠭᠡᠷᠦᠮᠵᠢ ᠣᠷᠣᠭᠤᠯᠤᠭᠰᠠᠨ ᠪᠠᠶᠢᠨ᠎ᠠ᠃ ᠲᠣᠰ ᠦᠢᠯᠡᠳᠪᠦᠷᠢᠯᠡᠯ ᠤᠨ ᠱᠤᠭᠤᠮ ᠨᠢ ᠡᠳᠦᠷ ᠪᠦᠷᠢ 1.5

ᠲᠦᠮᠡᠨ ᠢᠵᠢ ᠬᠤᠭᠤᠯᠠᠨ ᠤ ᠬᠡᠷᠡᠭᠰᠡᠯ ᠢ ᠤᠬᠢᠶᠠᠨ ᠠᠷᠢᠭᠤᠳᠬᠠᠵᠤ᠂ ᠳ᠋ᠦᠩᠱᠧᠩ ᠲᠣᠭᠤᠷᠢᠭ ᠤᠨ 500 ᠡᠷᠦᠬᠡ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ

ᠲᠥᠷᠥᠯ ᠤᠨ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ ᠪᠤᠢ᠃

 

ᠢᠷᠡᠯᠲᠡ᠄ ᠳᠤᠰ ᠰᠦᠯᠵᠢᠶ᠎ᠡ