1 — 7 ᠰᠠᠷ᠎ᠠ ᠳᠤ ᠳ᠋ᠦᠩᠱᠧᠩ ᠲᠣᠭᠤᠷᠢᠭ ᠤᠨ ᠲᠠᠰ ᠳᠡᠪᠰᠢᠬᠦ ᠲᠥᠷᠥᠯ ᠤᠨ ᠲᠠᠸᠠᠷ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/8/24
    ᠬᠡᠷᠡᠭᠯᠡᠭᠡ ᠶᠢ ᠳᠡᠰ ᠳᠡᠪᠰᠢᠬᠦᠯᠬᠦ ᠲᠦᠷᠦ ᠶᠢᠨ ᠪᠣᠳᠣᠯᠭ᠎ᠠ ᠵᠡᠷᠭᠡ ᠶᠢᠨ ᠨᠥᠯᠥᠭᠡᠯᠡᠯ ᠳᠣᠣᠷ᠎ᠠ᠂ ᠳ᠋ᠦᠩᠱᠧᠩ ᠲᠣᠭᠤᠷᠢᠭ ᠤᠨ ᠳᠡᠰ ᠳᠡᠪᠰᠢᠬᠦ ᠲᠦᠷᠦᠯ ᠤᠨ ᠲᠠᠸᠠᠷ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ᠃ 1 — 7 ᠰᠠᠷ᠎ᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠵᠠᠭᠠᠷᠯᠠᠯ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 28.8% ᠪᠠᠷ ᠨᠡᠮᠡᠭᠳᠡᠵᠦ᠂ ᠨᠣᠮ ᠰᠡᠳᠬᠦᠯ ᠤᠨ ᠲᠥᠷᠥᠯ ᠤᠨ ᠲᠠᠸᠠᠷ 24.4% ᠪᠠᠷ ᠨᠡᠮᠡᠭᠳᠡᠵᠦ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ ᠤᠨ ᠲᠠᠸᠠᠷ 33.5% ᠪᠠᠷ   ᠨᠡᠮᠡᠭᠳᠡᠵᠦ᠂ ᠠᠯᠪᠠᠨ ᠭᠡᠷ ᠤᠨ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 83.7% ᠪᠠᠷ ᠨᠡᠮᠡᠭᠳᠡᠵᠦ᠂ ᠲᠣᠰ ᠲᠣᠰ ᠬᠢᠵᠠᠭᠠᠷᠯᠠᠯ ᠠᠴᠠ ᠳᠡᠭᠡᠭᠰᠢᠬᠢ ᠨᠢᠭᠡᠴᠡ ᠶᠢᠨ ᠵᠢᠵᠢᠭᠯᠡᠨ ᠪᠤᠷᠤᠯᠠᠭᠤᠯᠤᠭᠰᠠᠨ ᠲᠣᠭᠠᠨ ᠤ ᠨᠡᠮᠡᠭᠳᠡᠯ ᠤᠨ ᠬᠤᠷᠳᠤᠴᠠ ᠠᠴᠠ 20.9᠂ 16.5᠂ 25.6 ᠪᠠ 75.8 ᠵᠠᠭᠤᠨ ᠤ ᠬᠤᠪᠢ ᠥᠨᠳᠥᠷ ᠪᠣᠯᠵᠠᠢ᠃
ᠢᠷᠡᠯᠲᠡ᠄ ᠲᠤᠰ ᠰᠦᠯᠵᠢᠶ᠎ᠠ