ᠳ᠋ᠦᠩᠱᠧᠩ ᠲᠤᠭᠤᠷᠢᠭ ︽ᠭᠤᠷᠪᠠ ᠬᠠᠷᠠᠭᠳᠠᠬᠤ︾ ᠶᠢ ᠭᠦᠨᠵᠡᠭᠡᠶᠢᠷᠡᠭᠦᠯᠬᠦ ᠠᠵᠢᠯᠯᠠᠭ᠎ᠠ ᠵᠢᠴᠢ ᠵᠡᠭᠡᠯᠢ ᠳᠡᠭᠡᠷᠡᠬᠢ ᠴᠠᠭᠳᠠᠭᠠᠨ ᠤ ᠶᠠᠪᠤᠳᠠᠯ ᠤᠨ ᠥᠷᠲᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/8/29
 7.1.jpg
   8 ᠰᠠᠷ᠎ᠠ ᠶᠢᠨ 29 ᠤ ᠡᠳᠦᠷ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠦᠩᠱᠧᠩ ᠬᠤᠪᠢᠶᠠᠷᠢ ᠲᠣᠪᠴᠢᠶᠠᠨ ᠤ ︽ᠭᠤᠷᠪᠠ ᠬᠠᠷᠠᠭᠳᠠᠬᠤ︾ ᠶᠢ ᠭᠦᠨᠵᠡᠭᠡᠶᠢᠷᠡᠭᠦᠯᠬᠦ ᠠᠵᠢᠯᠯᠠᠭ᠎ᠠ ᠵᠢᠴᠢ ᠵᠡᠭᠡᠯᠢ ᠳᠡᠭᠡᠷᠡᠬᠢ ᠴᠠᠭᠳᠠᠭᠠᠨ ᠤ ᠶᠠᠪᠤᠳᠠᠯ ᠤᠨ ᠥᠷᠲᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠣᠶᠢᠯᠠᠭᠠᠭᠰᠠᠨ ᠢᠶᠠᠷ᠂ ᠳ᠋ᠦᠩᠱᠧᠩ ᠲᠣᠭᠤᠷᠢᠭ ᠲᠤ ᠣᠳᠣᠬᠠᠨ ᠳᠤ ᠨᠡᠶᠢᠲᠡ 7 ᠵᠡᠭᠡᠯᠢ ᠲᠡᠬᠡᠷᠡᠬᠢ ᠴᠠᠭᠳᠠᠭᠠᠨ ᠤ ᠶᠠᠪᠤᠳᠠᠯ ᠤᠨ ᠥᠷᠲᠡᠭᠡ ᠪᠠᠶᠢᠵᠤ᠂ ᠲᠣᠰ ᠲᠣᠰ ᠢ ᠲᠠᠢ ᠠᠭᠤᠳᠠᠮ ᠲᠠᠯᠠᠪᠠᠶ᠂ ᠸᠠᠨ ᠳ᠋ᠠ ᠠᠭᠤᠳᠠᠮ ᠲᠠᠯᠠᠪᠠᠶ᠂ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠣᠶᠢᠷᠠᠯᠴᠠᠭ᠎ᠠ ᠪᠠᠶᠢᠷᠢᠰᠢᠵᠤ᠂ ᠴᠠᠭᠳᠠᠨ ᠪᠠᠶᠢᠴᠠᠭᠠᠬᠤ ᠣᠨᠴᠠ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠬᠠᠮᠳᠤ ᠪᠠᠷ ᠠᠵᠢᠯᠯᠠᠬᠤ ᠪᠠᠷ ᠳᠡᠮᠵᠢᠨ᠂ ᠬᠤᠲᠠ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠡᠢ᠃ ᠬᠤᠲᠠ ᠶᠢᠨ ᠭᠤᠣᠯᠳᠠᠯᠭ᠎ᠠ ᠲᠠᠢ ᠣᠷᠣᠨ ᠪᠦᠰᠡ ᠳᠤ 24 ᠴᠠᠭ ᠤᠨ ᠵᠡᠭᠡᠯᠢ  ᠲᠡᠬᠡᠷᠡᠬᠢ ᠴᠠᠭᠳᠠᠭᠠᠨ ᠤ ᠶᠠᠪᠤᠳᠠᠯ ᠤᠨ ᠥᠷᠲᠡᠭᠡ ᠪᠠᠶᠢᠭᠤᠯᠬᠤ  ᠪᠠᠷ ᠳᠠᠮᠵᠢᠭᠤᠯᠤᠨ᠂ ᠴᠤ᠋ ᠰᠢᠨ᠎ᠡ ︽ᠲᠣᠭᠲᠠᠮᠠᠯ + ᠨᠡᠭᠦᠳᠡᠯ︾ ︽ᠡᠩ ᠤᠨ ᠴᠠᠭ + ᠠᠵᠢᠯᠯᠠᠬᠤ ᠦᠶ᠎ᠡ︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠳᠤ ᠨᠠᠩ ᠲᠥᠬᠦᠮ ᠪᠣᠯᠭᠠᠵᠤ᠂ ᠠᠷᠠᠳ ᠤᠨ ᠴᠠᠭᠳᠠᠭ᠎ᠠ ᠶᠢᠨ  ᠠᠵᠢᠯᠯᠠᠬᠤ ᠳᠤ ᠨᠠᠩ ᠲᠦᠷᠭᠡᠨ᠂ ᠣᠯᠠᠨ ᠲᠦᠮᠡᠨ ᠤ ᠠᠮᠢᠳᠤᠷᠠᠯ ᠢ ᠨᠠᠩ ᠠᠮᠤᠷ ᠲᠦᠪᠰᠢᠨ ᠪᠤᠯᠭᠠᠪᠠ᠃
 
ᠢᠷᠡᠯᠲᠡ᠄ ᠳᠤᠰ ᠰᠦᠯᠵᠢᠶ᠎ᠡ