1 — 6 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠷᠪᠠᠨ ᠲᠣᠮᠣ ᠲᠥᠷᠥᠯ ᠵᠦᠢᠯ ᠤᠨ ᠨᠡᠮᠡᠭᠳᠡᠯ ᠥᠷᠲᠡᠭ ᠤᠨ ︽ᠬᠤᠶᠠᠷ  ᠨᠢ ᠨᠡᠮᠡᠭᠳᠡᠵᠤ ᠨᠢᠭᠡ ᠨᠢ ᠪᠠᠭᠤᠷᠠᠪᠠ︾
ᠨᠡᠶᠢᠲᠡᠯᠡᠭᠰᠡᠨ ᠴᠠᠭ᠄
2023/8/3
    1 — 6 ᠰᠠᠷ᠎ᠠ ᠳᠤ᠂ ᠳ᠋ᠦᠩᠱᠧᠩ ᠲᠣᠭᠤᠷᠢᠭ ᠤᠨ 84 ᠡᠷᠦᠬᠡ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠵᠦ᠂ ᠪᠥᠬᠦ ᠬᠤᠲᠠ ᠳᠤ ᠲᠠᠪᠤᠳᠤᠭᠠᠷ ᠲᠤ ᠵᠢᠭᠰᠠᠭᠠᠭᠳᠠᠵᠤ᠂ ᠶᠡᠷᠦᠩᠬᠡᠢ ᠳᠡᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ ᠭᠤᠷᠪᠠᠨ ᠲᠤᠮᠤ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ    1.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12% ᠢᠶᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 25.1% ᠪᠠᠷ ᠨᠡᠮᠡᠭᠳᠡᠵᠡᠢ᠃ ᠭᠤᠷᠪᠠᠨ ᠲᠣᠮᠣ ᠲᠥᠷᠥᠯ ᠤᠨ ᠦᠢᠯᠡᠳᠬᠦᠨ ᠤ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 66.59%᠂ 23.20% ᠪᠠ 10.20% ᠪᠣᠯᠣᠨ᠎ᠠ᠃
ᠢᠷᠡᠯᠲᠡ᠄ ᠳᠤᠰ ᠰᠦᠯᠵᠢᠶ᠎ᠡ