ᠳ᠋ᠦᠩᠱᠧᠩ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/8/30
                           ᠳ᠋ᠦᠩᠱᠧᠩ ᠵᠠᠰᠠᠭ ᠳᠠᠷᠬᠠᠭᠠᠭᠰᠠᠨ ﹇2023﹈ 31 ᠳ᠋ᠤᠭᠡᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠠᠷᠠᠳ ᠤᠨ ᠪᠦᠯᠬᠦᠮ ᠳᠤ᠄      ᠡᠳᠦᠭᠡ ︽ᠳ᠋ᠦᠩᠱᠧᠩ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                                                           ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                                                2023 ᠤᠨ 8 ᠰᠠᠷ᠎ᠠ ᠶᠢᠨ 25 ᠤ ᠡᠳᠦᠷ                                ᠳ᠋ᠦᠩᠱᠧᠩ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠬᠤ ᠬᠠᠮᠢᠶᠠᠷᠤᠯᠳᠠ ᠶᠢᠨ ᠠᠷᠭ᠎ᠠ      ᠨᠢᠭᠡᠳᠦᠭᠡᠷ ᠵᠦᠢᠯ   ᠨᠡᠶᠢᠭᠡᠮ ᠤᠨ ᠵᠠᠰᠠᠯᠲᠠ ᠶᠢᠨ ᠴᠢᠳᠠᠪᠤᠷᠢ ᠬᠢᠭᠡᠳ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳ᠋ᠦᠩᠱᠧᠩ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠲᠣᠰ ᠠᠷᠭ᠎ᠠ ᠶᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠬᠤ᠂ ᠠᠵᠢᠯᠯᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠤ ᠬᠡᠷᠡᠭᠯᠡᠨ᠎ᠡ᠃      ᠭᠤᠷᠪᠠᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠳᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠥᠮᠴᠢᠲᠡᠨ ᠢ ᠵᠣᠬᠢᠶᠠᠨ ᠪᠠᠶᠢᠭᠤᠯᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠦᠢᠯᠡᠰ ᠢ ᠬᠠᠮᠲᠤᠪᠠᠷ ᠲᠣᠭᠲᠠᠭᠠᠵᠤ᠂ ᠨᠥᠬᠦᠴᠡᠯ ᠳᠤ ᠨᠡᠶᠢᠴᠡᠬᠦ ᠰᠠᠭᠤᠭᠠᠯᠢ ᠲᠣᠭᠤᠷᠢᠭ ᠲᠤ ᠦᠮᠴᠢᠳᠠᠳ ᠤᠨ ᠬᠤᠷᠠᠯ ᠢ ᠬᠤᠷᠠᠯᠳᠤᠭᠤᠯᠵᠤ᠂ ᠦᠮᠴᠢᠳᠡᠨ ᠤ ᠵᠦᠪᠯᠡᠯ ᠢ ᠰᠤᠩᠭᠤᠨ ᠭᠠᠷᠭᠠᠬᠤ ᠶᠢ ᠠᠬᠢᠭᠤᠯᠤᠨ᠎ᠠ᠃     ᠦᠮᠴᠢᠳᠠᠳ ᠤᠨ ᠬᠤᠷᠠᠯ ᠢ ᠬᠤᠷᠠᠯᠳᠤᠭᠤᠯᠤᠭᠰᠠᠨ ᠪᠣᠯᠪᠠᠴᠤ ᠦᠮᠴᠢᠳᠠᠳ ᠤᠨ ᠵᠥᠪᠯᠡᠯ ᠢ ᠬᠠᠷᠠᠬᠠᠨ ᠪᠠᠶᠢᠭᠤᠯᠤᠭᠠᠳᠤᠢ ᠪᠠᠶᠢᠪᠠᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠦᠮᠴᠢᠳᠠᠳ ᠤᠨ ᠬᠤᠷᠠᠯ ᠢ ᠵᠣᠬᠢᠶᠠᠨ ᠪᠠᠶᠢᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠦᠮᠴᠢᠳᠠᠳ ᠤᠨ ᠬᠤᠷᠠᠯ ᠤᠨ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃     ᠦᠮᠴᠢᠳᠠᠳ ᠤᠨ ᠬᠤᠷᠠᠯ ᠢ ᠬᠤᠷᠠᠯᠳᠤᠭᠤᠯᠤᠭᠰᠠᠨ ᠦᠭᠡᠢ ᠪᠠᠶᠢᠪᠠᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠦᠮᠴᠢᠳᠠᠳ ᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠬᠤᠷᠢᠨ ᠬᠤᠶᠠᠳᠤᠭᠠᠷ ᠵᠦᠢᠯ᠂ ᠬᠤᠷᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠦᠮᠴᠢᠳᠠᠳ ᠤᠨ ᠬᠤᠷᠠᠯ ᠪᠠ ᠦᠮᠴᠢᠳᠠᠳ ᠤᠨ ᠵᠥᠪᠯᠡᠯ ᠤᠨ ᠳᠤᠰᠢᠶᠠᠯ ᠬᠠᠷᠢᠭᠤᠴᠠᠯᠭ᠎ᠠ ᠶᠢ ᠬᠦᠢᠴᠡᠳᠬᠡᠨ᠎ᠡ᠃      ᠳᠥᠷᠪᠡᠳᠦᠭᠡᠷ ᠵᠦᠢᠯ   ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠢᠯᠤᠭᠤᠳᠤᠨ ᠬᠢᠨᠠᠯᠲᠠ ᠲᠠᠯᠪᠢᠬᠤ ᠳᠦᠷᠢᠮ ᠢ ᠪᠠᠶᠢᠭᠤᠯᠤᠨ ᠳᠡᠬᠦᠯᠳᠡᠷᠵᠢᠬᠦᠯᠬᠦ ᠶᠢ ᠬᠠᠷᠢᠭᠤᠴᠠᠨ᠎ᠠ᠃      ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠦᠪᠯᠡᠯ ᠢ ᠵᠤᠬᠢᠶᠠᠨ ᠪᠠᠶᠢᠭᠤᠯᠵᠤ ᠵᠢᠭᠠᠨ ᠵᠢᠯᠤᠭᠤᠳᠬᠤ  ᠶᠢ ᠬᠠᠷᠢᠭᠤᠴᠠᠨ᠎ᠠ᠃      ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠪᠠᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠳᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠬᠡᠬᠦ ᠶᠢ ᠵᠢᠯᠤᠭᠤᠳᠤᠨ᠎ᠠ︔ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠵᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ᠃      ᠲᠠᠪᠤᠳᠤᠭᠠᠷ ᠵᠦᠢᠯ    ᠨᠢᠭᠡ ᠠᠳᠠᠯ ᠠᠬᠤᠢ ᠶᠢᠨ ᠬᠠᠮᠢᠶᠠᠷᠤᠯᠲᠠ ᠶᠢᠨ ᠤᠷᠤᠨ ᠪᠦᠰᠡ ᠳᠤ ᠨᠢᠭᠡ ᠠᠳᠠᠯ ᠠᠬᠤᠢ ᠶᠢᠨ ᠬᠠᠮᠢᠶᠠᠷᠤᠯᠲᠠ ᠶᠢᠨ ᠵᠦᠪᠯᠡᠯ ᠢ ᠪᠠᠶᠢᠭᠤᠯᠤᠨ᠎ᠠ᠃      ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠳᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠠᠬᠢᠭᠤᠯᠤᠨ᠎ᠠ᠃ ᠥᠮᠴᠢᠲᠡᠨ ᠤ ᠳᠣᠲᠣᠷᠠᠬᠢ ᠡᠪ ᠬᠠᠮᠲᠤ ᠨᠠᠮ ᠤᠨ ᠭᠡᠰᠢᠭᠦᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ  ᠳᠤ ᠠᠵᠢᠯᠯᠠᠵᠤ ᠪᠠᠶᠢᠭ᠎ᠠ ᠠᠵᠢᠯᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠵᠠᠰᠠᠯᠲᠠ ᠳᠤᠮᠳᠠᠬᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠳᠡᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠰᠣᠩᠭᠤᠭᠤᠯᠢ ᠳᠤ ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠤᠭᠤᠳᠬᠤ ᠪᠠ ᠳᠡᠮᠵᠢᠨ᠎ᠡ᠃     ᠵᠢᠷᠭᠤᠳᠤᠭᠠᠷ ᠵᠦᠢᠯ   ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠠᠳᠠᠯ ᠠᠬᠤᠢ ᠶᠢᠨ ᠲᠦᠷᠦᠯ ᠵᠤᠶᠢᠯ ᠤᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠦᠮᠴᠢᠳᠡᠳ ᠢ ᠵᠣᠬᠢᠶᠠᠨ ᠪᠠᠶᠢᠭᠤᠯᠵᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠬᠤ ᠬᠡᠷᠡᠭᠲᠡᠢ᠄      ︵ᠨᠢᠭᠡ︶ ᠦᠮᠴᠢᠳᠡᠳ ᠤᠨ ᠬᠤᠷᠠᠯ ᠢ ᠬᠤᠷᠠᠯᠳᠤᠭᠤᠯᠬᠤ ᠨᠥᠬᠦᠴᠡᠯ ᠢ ᠪᠦᠷᠢᠳᠦᠭᠦᠯᠦᠭᠰᠡᠨ ᠦᠭᠡᠢ︔      ︵ᠬᠤᠶᠠᠷ︶ ᠦᠮᠴᠢᠳᠠᠳ ᠤᠨ ᠬᠤᠷᠠᠯ ᠢ ᠬᠤᠷᠠᠯᠳᠤᠭᠤᠯᠬᠤ ᠨᠥᠬᠦᠴᠡᠯ ᠢ ᠪᠦᠷᠢᠳᠦᠭᠦᠯᠦᠭᠰᠡᠨ ᠪᠣᠯᠪᠠᠴᠤ ᠠᠳᠠᠯ ᠠᠬᠤᠢ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠢᠭᠠᠨ ᠵᠢᠯᠤᠭᠤᠳᠤᠭᠰᠠᠨ ᠤ ᠲᠠᠷᠠᠭ᠎ᠠ ᠦᠮᠴᠢᠳᠠᠳ ᠤᠨ ᠬᠤᠷᠠᠯ ᠢ ᠮᠥᠨ ᠯᠡ ᠬᠤᠷᠠᠯᠳᠤᠭᠤᠯᠵᠤ ᠳᠡᠶᠢᠯᠬᠦ ᠦᠭᠡᠢ ᠪᠠᠶᠢᠬᠤ︔     ︵ᠭᠤᠷᠪᠠ︶ ᠦᠮᠴᠢᠳᠠᠳ ᠤᠨ ᠬᠤᠷᠠᠯ ᠢ ᠬᠤᠷᠠᠯᠳᠤᠭᠤᠯᠤᠭᠰᠠᠨ ᠤ ᠲᠠᠷᠠᠭ᠎ᠠ᠂ ᠠᠳᠠᠯ ᠠᠬᠤᠢ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠢᠭᠠᠨ ᠵᠢᠯᠤᠭᠤᠳᠤᠭᠰᠠᠨ ᠴᠤ ᠦᠮᠴᠢᠳᠠᠳ ᠤᠨ ᠵᠥᠪᠯᠡᠯ ᠢ ᠰᠣᠩᠭᠤᠨ ᠭᠠᠷᠭᠠᠵᠤ ᠴᠢᠳᠠᠭᠰᠠᠨ ᠦᠭᠡᠢ ᠪᠠᠶᠢᠬᠤ︔     ︵ᠳᠥᠷᠪᠡ︶ ᠦᠮᠴᠢᠳᠠᠳ ᠤᠨ ᠵᠥᠪᠯᠡᠯ ᠤᠨ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠤᠨ᠎ᠡ ᠬᠤᠶᠠᠷ ᠰᠠᠷ᠎ᠠ ᠳᠤ᠂ ᠦᠮᠴᠢᠳᠠᠳ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠦᠮᠴᠢᠳᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠬᠢᠬᠦ ᠬᠡᠷᠡᠭᠲᠡᠢ᠂ ᠬᠤᠭᠤᠴᠠᠭ᠎ᠠ ᠳᠦᠭᠦᠷᠦᠭᠰᠡᠨ ᠤ ᠲᠠᠷᠠᠭ᠎ᠠ ᠦᠮᠴᠢᠳᠠᠳ ᠤᠨ ᠵᠥᠪᠯᠡᠯ ᠢ ᠰᠢᠨ᠎ᠡ ᠪᠠᠷ ᠰᠣᠩᠭᠤᠨ ᠭᠠᠷᠭᠠᠭᠰᠠᠨ ᠦᠭᠡᠢ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠮᠴᠢᠳᠠᠳ ᠤᠨ ᠵᠥᠪᠯᠡᠯ ᠤᠨ ᠲᠤᠰᠢᠶᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭᠠᠬᠢ 1 ᠰᠠᠷ᠎ᠠ ᠶᠢᠨ ᠳᠣᠲᠣᠷ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠦᠮᠴᠢᠳᠠᠳ ᠤᠨ ᠬᠤᠷᠠᠯ᠂ ᠦᠮᠴᠢᠳᠠᠳ ᠤᠨ ᠵᠥᠪᠯᠡᠯ ᠤᠨ ᠲᠤᠰᠢᠶᠠᠯ ᠬᠠᠷᠢᠭᠤᠴᠠᠯᠭ᠎ᠠ ᠶᠢ ᠲᠦᠷ ᠴᠠᠭ ᠬᠦᠢᠴᠡᠳᠬᠡᠨ᠎ᠡ︔     ᠦᠮᠴᠢᠳᠠᠳ ᠤᠨ ᠵᠥᠪᠯᠡᠯ ᠢ ᠨᠢᠭᠡᠨᠲᠡ ᠪᠠᠶᠢᠭᠤᠯᠤᠭᠰᠠᠨ ᠪᠣᠯᠪᠠᠴᠤ ᠦᠮᠴᠢᠳᠠᠳ ᠤᠨ ᠵᠥᠪᠯᠡᠯ ᠠᠴᠠ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠤᠤᠯ ᠤᠨ ᠦᠮᠴᠢᠳᠠᠳ ᠤᠨ ᠵᠥᠪᠯᠡᠯ ᠨᠢ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠠᠷᠭ᠎ᠠ ᠦᠭᠡᠢ ᠭᠡᠵᠦ ᠮᠠᠭᠠᠳᠯᠠᠵᠤ᠂ ᠥᠮᠴᠢᠲᠡᠨ ᠪᠤᠶᠤ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠦᠮᠴᠢᠳᠠᠳ ᠤᠨ ᠵᠥᠪᠯᠡᠯ ᠢ ᠰᠣᠯᠢᠬᠤ ᠪᠠᠷ ᠭᠤᠶᠤᠴᠢᠯᠠᠭᠰᠠᠨ ᠪᠠᠶᠢᠪᠠᠯ᠂ ᠲᠤᠰᠬᠠᠢ ᠥᠮᠴᠢᠯᠡᠬᠦ ᠬᠡᠰᠡᠭ ᠤᠨ ᠲᠠᠯᠠᠪᠠᠶ ᠨᠢ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠭᠰᠡᠨ ᠥᠮᠴᠢᠲᠡᠨ ᠮᠥᠷᠲᠡᠭᠡᠨ ᠬᠥᠮᠥᠨ ᠤ ᠲᠤᠭ᠎ᠠ ᠨᠢ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠭᠰᠡᠨ ᠥᠮᠴᠢᠲᠡᠨ ᠢᠶᠠᠷ ᠪᠠᠳᠤᠯᠠᠭᠤᠯᠬᠤ ᠶᠢᠨ ᠬᠠᠮᠳᠤ ᠲᠤᠰᠬᠠᠢ ᠥᠮᠴᠢᠯᠡᠬᠦ ᠬᠡᠰᠡᠭ ᠤᠨ ᠲᠠᠯᠠᠪᠠᠶ ᠶᠢᠨ ᠬᠠᠭᠠᠰ ᠠᠴᠠ ᠳᠡᠭᠡᠭᠰᠢᠬᠢ ᠥᠮᠴᠢᠲᠡᠨ ᠵᠢᠴᠢ ᠬᠥᠮᠥᠨ ᠤ ᠲᠤᠭ᠎ᠠ ᠨᠢ ᠬᠠᠭᠠᠰ ᠠᠴᠠ ᠳᠡᠭᠡᠭᠰᠢᠬᠢ ᠥᠮᠴᠢᠲᠡᠨ ᠢᠶᠠᠷ ᠵᠥᠪᠰᠢᠶᠡᠷᠡᠭᠦᠯᠦᠭᠡᠳ᠂ ᠤᠷᠢᠳᠠᠪᠠᠷ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠦᠮᠴᠢᠳᠠᠳ ᠤᠨ ᠬᠤᠷᠠᠯ᠂ ᠦᠮᠴᠢᠳᠠᠳ ᠤᠨ ᠵᠥᠪᠯᠡᠯ ᠤᠨ ᠳᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ ᠪᠣᠯᠣᠨ᠎ᠠ᠃      ᠳᠣᠯᠣᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢᠨ ᠲᠥᠯᠥᠭᠡᠯᠡᠭᠴᠢ ᠵᠡᠷᠭᠡ ᠭᠤᠷᠪᠠ ᠠᠴᠠ ᠳᠡᠭᠡᠭᠰᠢ ᠰᠣᠨᠳᠣᠭᠤᠢ ᠲᠤᠭᠠᠨ ᠤ ᠬᠦᠮᠦᠨ ᠢᠶᠠᠷ ᠪᠦᠷᠢᠯᠳᠦᠨ᠎ᠡ᠂ ᠡᠭᠦᠨ ᠳᠤ ᠥᠮᠴᠢᠲᠡᠨ ᠤ ᠲᠥᠯᠥᠭᠡᠯᠡᠭᠴᠢ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠬᠥᠮᠥᠨ ᠤ ᠲᠣᠭᠠᠨ ᠤ ᠬᠠᠭᠠᠰ ᠠᠴᠠ ᠳᠡᠭᠡᠭᠰᠢ ᠪᠠᠶᠢᠬᠤ ᠬᠡᠷᠡᠭᠳᠠᠢ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠨᠢᠭᠡ ᠥᠮᠴᠢᠲᠡᠨ ᠤ ᠲᠥᠯᠥᠭᠡᠯᠡᠭᠴᠢ ᠶᠢ ᠵᠢᠭᠠᠨ ᠲᠣᠭᠲᠠᠭᠠᠵᠤ ᠡᠭᠦᠷᠭᠡᠯᠡᠭᠦᠯᠦᠨ᠎ᠡ᠃      ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠵᠢᠭᠠᠨ ᠲᠣᠮᠢᠯᠠᠭᠰᠠᠨ ᠲᠥᠯᠥᠭᠡᠯᠡᠭᠴᠢ ᠨᠢ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠵᠣᠬᠢᠴᠠᠭᠤᠯᠬᠤ ᠴᠢᠳᠠᠪᠤᠷᠢ ᠲᠠᠢ ᠪᠠ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠂ ᠪᠣᠳᠠᠲᠠᠢ ᠵᠢᠱᠢᠭᠳᠡᠭᠴᠢ ᠶᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠰᠤᠳᠤᠯᠤᠨ ᠳᠤᠷᠠᠳᠴᠤ᠂ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠤᠰ ᠲᠤᠰ ᠮᠡᠳᠡᠭᠦᠯᠵᠦ ᠬᠢᠨᠠᠨ ᠲᠣᠭᠲᠠᠭᠠᠯᠭᠠᠨ᠎ᠠ᠃      ᠥᠮᠴᠢᠲᠡᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠲᠤᠰᠢᠶᠠᠯ ᠢ ᠡᠭᠦᠷᠭᠡᠯᠡᠬᠦ ᠳᠤ᠂ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠬᠤ︔      ︵ᠬᠤᠶᠠᠷ︶ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠵᠣᠬᠢᠶᠠᠨ ᠪᠠᠶᠢᠭᠤᠯᠬᠤ ᠴᠢᠳᠠᠪᠤᠷᠢ ᠲᠠᠢ ᠪᠥᠭᠡᠳ ᠠᠵᠢᠯᠯᠠᠬᠤ ᠴᠠᠭ ᠲᠠᠢ ᠪᠠᠶᠢᠬᠤ︔      ︵ᠭᠤᠷᠪᠠ︶ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ︔      ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠥᠮᠴᠢᠲᠡᠨ ᠤ ᠲᠥᠯᠥᠭᠡᠯᠡᠭᠴᠢ ᠶᠢᠨ ᠲᠤᠰᠢᠶᠠᠯ ᠢ ᠡᠭᠦᠷᠭᠡᠯᠡᠵᠦ ᠪᠣᠯᠬᠤ ᠦᠭᠡᠢ᠄      1. ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠦᠷᠢᠴᠡᠵᠤ᠂ ᠬᠡᠷᠡᠭ ᠪᠣᠯᠭᠠᠨ ᠲᠠᠩᠨᠠᠵᠤ ᠪᠠᠶᠢᠭ᠎ᠠ ᠪᠤᠶᠤ ᠡᠷᠡᠭᠦᠦ ᠶᠢᠨ ᠰᠢᠳᠬᠡᠯ ᠢᠶᠠᠷ ᠰᠢᠳᠬᠡᠭᠳᠡᠵᠤ ᠤᠯᠤᠰ ᠲᠥᠷᠥ ᠶᠢᠨ ᠡᠷᠬᠡ ᠪᠠᠨ ᠬᠠᠰᠤᠭᠤᠯᠤᠭᠰᠠᠨ︔      2. ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠢ ᠵᠥᠷᠢᠴᠡᠵᠦ᠂ ᠬᠡᠷᠡᠭ ᠪᠣᠯᠭᠠᠨ ᠪᠠᠶᠢᠴᠠᠭᠠᠭᠳᠠᠵᠤ ᠪᠠᠶᠢᠭ᠎ᠠ ᠪᠤᠶᠤ ᠨᠠᠮ ᠳᠤ ᠦᠯᠡᠳᠡᠬᠡᠵᠤ ᠬᠢᠨᠠᠨ ᠦᠵᠡᠬᠦ ᠵᠢᠴᠢ ᠲᠡᠭᠦᠨ ᠠᠴᠠ ᠳᠡᠭᠡᠭᠰᠢᠬᠢ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠢ ᠣᠯᠣᠭᠠᠳ ᠪᠦᠬᠦᠯᠢ ᠭᠤᠷᠪᠠᠨ ᠵᠢᠯ ᠪᠣᠯᠣᠭᠠᠳᠤᠢ ᠪᠠᠶᠢᠬᠤ︔     3. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠪᠤᠶᠤ ᠬᠠᠤᠯᠢ ᠪᠤᠰᠤ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ︔      4. ᠴᠤᠭᠯᠠᠷᠠᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ᠂ ᠵᠢᠭᠤᠷᠠᠯᠳᠤᠨ ᠰᠤᠷᠪᠤᠯᠵᠢᠯᠠᠬᠤ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠵᠡᠷᠭᠡ ᠬᠠᠤᠯᠢ ᠪᠤᠰᠤ ᠪᠠᠷ ᠰᠤᠷᠪᠤᠯᠵᠢᠯᠠᠭ᠎ᠠ ᠬᠢᠭᠰᠡᠨ︔      5. ᠬᠠᠷ᠎ᠠ ᠪᠦᠯᠦᠭᠳᠡᠨ ᠬᠠᠷᠭᠢᠰ ᠬᠦᠴᠦᠨ ᠢ ᠠᠰᠢᠭᠯᠠᠨ ᠥᠮᠴᠢᠲᠡᠨ ᠤ ᠬᠡᠪ ᠤᠨ ᠠᠵᠢᠯ ᠠᠮᠢᠳᠤᠷᠠᠯ ᠳᠤ ᠭᠠᠷ ᠳᠦᠷᠦᠭᠰᠡᠨ︔     6. ᠵᠦᠢ ᠪᠤᠰᠤ ᠠᠷᠭ᠎ᠠ ᠪᠠᠷᠢᠯ ᠢᠶᠠᠷ ᠦᠮᠴᠢᠳᠡᠳ ᠤᠨ ᠬᠤᠷᠠᠯ᠂ ᠦᠮᠴᠢᠳᠡᠳ ᠤᠨ ᠵᠥᠪᠯᠡᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠡᠪ  ᠢᠶᠠᠷ ᠬᠤᠷᠠᠯᠳᠤᠬᠤ᠂ ᠰᠣᠩᠭᠤᠬᠤ ᠪᠠ ᠪᠠᠲᠤᠯᠠᠬᠤ ᠶᠢ ᠬᠠᠷᠰᠢᠯᠠᠭᠰᠠᠨ︔     7. ᠲᠣᠰ ᠬᠥᠮᠥᠨ ᠵᠢᠴᠢ ᠣᠶᠢᠷ᠎ᠠ ᠲᠥᠷᠥᠯ ᠰᠠᠳᠤᠨ ᠨᠢ ᠲᠣᠰ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠳᠤ ᠠᠳᠠᠯ ᠠᠬᠤᠢ ᠶᠢᠨ ᠦᠢᠯᠡᠴᠢᠯᠡᠭᠡ ᠬᠠᠩᠭᠠᠵᠤ ᠪᠠᠶᠢᠭ᠎ᠠ ᠠᠵᠤ ᠠᠬᠤᠶᠢᠯᠠᠯ ᠳᠤ ᠲᠤᠰᠢᠶᠠᠯ ᠡᠷᠬᠦᠭᠡᠯᠡᠵᠤ ᠪᠠᠶᠢᠭ᠎ᠠ︔      8. ᠲᠤᠰᠬᠠᠢ ᠰᠡᠯᠪᠢᠨ ᠵᠠᠰᠠᠬᠤ ᠪᠡᠯᠡ ᠮᠥᠩᠭᠦ ᠪᠠ ᠥᠮᠴᠢᠲᠡᠨ ᠤ ᠬᠠᠮᠲᠤ ᠪᠠᠷ ᠬᠤᠪᠢᠶᠠᠨ ᠳᠠᠭᠠᠭᠠᠬᠤ ᠵᠠᠷᠤᠳᠠᠯ ᠢ ᠲᠣᠭᠲᠠᠭᠠᠯ ᠶᠣᠰᠣᠭᠠᠷ ᠳᠤᠰᠢᠶᠠᠭᠰᠠᠨ ᠦᠭᠡᠢ᠂ ᠡᠰᠡᠬᠦᠯ᠎ᠡ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠠᠳᠠᠯ ᠠᠬᠤᠢ ᠶᠢᠨ ᠵᠠᠷᠤᠳᠠᠯ ᠢ ᠬᠠᠤᠯᠢ ᠶᠣᠰᠣᠭᠠᠷ ᠲᠤᠰᠢᠶᠠᠭᠰᠠᠨ ᠦᠭᠡᠢ︔      9. ᠰᠢᠭᠦᠬᠦ ᠬᠤᠷᠢᠶᠠᠨ ᠤ ᠲᠠᠰᠤᠯᠤᠯᠲᠠ ᠶᠢ ᠭᠦᠢᠴᠡᠳᠬᠡᠬᠦ ᠦᠭᠡᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠤᠷᠤᠭᠠᠳ ᠴᠠᠭ ᠲᠤᠬᠠᠢ ᠳᠤᠨᠢ ᠬᠦᠴᠦᠨ ᠦᠭᠡᠢ ᠪᠣᠯᠭᠠᠭᠠᠳᠤᠢ︔      10. ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠬᠠᠤᠯᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ᠂ ᠵᠠᠰᠠᠵᠤ ᠴᠢᠮᠡᠭᠯᠡᠭᠰᠡᠨ ᠵᠡᠷᠭᠡ ᠦᠶᠯᠡ ᠠᠵᠢᠯᠯᠠᠭ᠎ᠠ ᠠᠴᠠ ᠪᠣᠯᠵᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠭᠰᠠᠨ ᠪᠤᠯᠪᠠᠴᠤ ᠬᠠᠷᠠᠬᠠᠨ ᠴᠡᠭᠴᠡᠯᠡᠨ ᠰᠠᠶᠢᠵᠢᠷᠠᠭᠤᠯᠤᠭᠠᠳᠤᠢ︔      11. ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠳᠤᠰᠢᠶᠠᠯ ᠢ ᠡᠬᠦᠷᠭᠡᠯᠡᠬᠦ ᠳᠤ ᠲᠣᠬᠢᠷᠠᠬᠤ ᠦᠭᠡᠢ ᠪᠤᠰᠤᠳ ᠪᠠᠶᠢᠳᠠᠯ᠃      ᠨᠠᠢᠮᠠᠳᠤᠭᠠᠷ ᠵᠦᠢᠯ   ᠵᠣᠬᠢᠶᠠᠨ ᠪᠠᠶᠢᠭᠤᠯᠬᠤ ᠨᠥᠬᠦᠴᠡᠯ ᠳᠤ ᠨᠡᠶᠢᠴᠡᠪᠡᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠬᠤ ᠪᠠᠷ ᠪᠠᠶᠢᠭ᠎ᠠ ᠵᠦᠢᠯᠡᠰ ᠢ ᠢᠯᠡ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠳᠡᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢᠨ ᠱᠠᠭᠠᠷᠳᠠᠯᠭ᠎ᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ᠂ ᠡᠬᠢᠯᠡᠭᠰᠡᠨ ᠡᠳᠦᠷ ᠬᠤᠭᠤᠴᠠᠭ᠎ᠠ ᠵᠡᠷᠭᠡ ᠶᠢ ᠲᠣᠳᠣᠷᠬᠠᠶᠢᠯᠠᠨ᠎ᠠ᠃      ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠪᠠᠶᠢᠷᠢᠨ ᠳᠤ ᠠᠳᠠᠭ ᠲᠠᠭᠠᠨ ᠬᠤᠶᠠᠷ ᠭᠠᠵᠠᠷ ᠲᠤ ᠢᠯᠡ ᠨᠡᠶᠢᠲᠡᠯᠡᠬᠦ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠢᠯᠡᠷᠬᠡᠢ ᠣᠷᠣᠨ ᠪᠠᠶᠢᠷᠢ ᠭᠡᠳᠡᠭ ᠨᠢ ᠢᠯᠡ ᠨᠡᠶᠢᠲᠡᠯᠡᠬᠦ ᠪᠤᠯᠤᠩ᠂ ᠰᠠᠭᠤᠭᠠᠯᠢ ᠲᠣᠭᠤᠷᠢᠭ ᠤᠨ ᠣᠷᠣᠵᠤ ᠭᠠᠷᠬᠤ ᠡᠭᠦᠳᠡ᠂ ᠤᠷᠤᠴᠠ ᠶᠢᠨ ᠡᠭᠦᠳᠡ᠂ ᠴᠠᠬᠢᠯᠭᠠᠨ ᠱᠠᠳᠤᠨ ᠳᠣᠲᠣᠷ᠎ᠠ᠂ ᠦᠢᠯᠡᠴᠢᠯᠡᠭᠡᠨ ᠤ ᠲᠠᠯᠠᠪᠤᠷ ᠵᠡᠷᠭᠡ ᠶᠢ ᠵᠢᠭᠠᠵᠤ ᠪᠣᠶ᠃      ᠵᠠᠷᠯᠠᠨ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠶᠢᠰᠦᠳᠦᠭᠡᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠵᠢᠱᠢᠭᠳᠡᠭᠴᠢ ᠶᠢ ᠳᠣᠣᠷᠠᠬᠢ ᠠᠷᠭ᠎ᠠ ᠮᠠᠶ᠋ᠢᠭ ᠢᠶᠠᠷ ᠭᠠᠷᠭᠠᠨ᠎ᠠ᠄      ︵ᠨᠢᠭᠡ︶ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ︔     ︵ᠬᠤᠶᠠᠷ︶ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠲᠠᠨᠢᠯᠴᠠᠭᠤᠯᠬᠤ︔     ︵ᠭᠤᠷᠪᠠ︶ ᠥᠮᠴᠢᠲᠡᠨ ᠥᠪᠡᠷ ᠢ ᠪᠠᠨ ᠲᠠᠨᠢᠯᠴᠠᠭᠤᠯᠬᠤ ᠪᠤᠶᠤ ᠨᠡᠷ᠎ᠡ ᠬᠤᠯᠪᠤᠭᠠᠯᠠᠨ ᠲᠠᠨᠢᠯᠴᠠᠭᠤᠯᠬᠤ᠃      ᠡᠭᠦᠨ ᠳᠤ ᠥᠪᠡᠷ ᠢ ᠪᠠᠨ ᠲᠠᠨᠢᠯᠴᠠᠭᠤᠯᠬᠤ ᠪᠠ ᠲᠠᠨᠢᠯᠴᠠᠭᠤᠯᠬᠤ ᠵᠢᠱᠢᠭᠳᠡᠭᠰᠡᠳ ᠤᠨ ᠬᠥᠮᠥᠨ ᠤ ᠲᠤᠭ᠎ᠠ ᠶᠢ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠪᠥᠬᠦ ᠬᠥᠮᠥᠨ ᠤ ᠲᠤᠭ᠎ᠠ ᠶᠢᠨ ᠬᠤᠶᠠᠷ ᠳᠠᠬᠢᠨ ᠠᠴᠠ ᠢᠯᠡᠭᠦᠦ ᠪᠠᠶᠢᠯᠭᠠᠵᠤ ᠪᠣᠯᠬᠤ ᠦᠭᠡᠢ᠃ ᠨᠡᠷ᠎ᠡ ᠬᠤᠯᠪᠤᠭᠠᠯᠠᠭᠰᠠᠨ ᠥᠮᠴᠢᠲᠡᠨ 10 ᠬᠥᠮᠥᠨ ᠠᠴᠠ ᠪᠠᠭ᠎ᠠ ᠪᠠᠶᠢᠵᠤ ᠪᠣᠯᠬᠤ ᠦᠭᠡᠢ᠃ ᠵᠢᠱᠢᠭᠳᠡᠭᠰᠡᠳ ᠢ ᠲᠤᠰ ᠬᠥᠮᠥᠨ ᠢᠶᠠᠷ ᠨᠢ ᠵᠥᠪᠰᠢᠶᠡᠷᠡᠭᠦᠯᠬᠦ ᠬᠡᠷᠡᠭᠲᠡᠢ᠃      ᠢᠯᠡ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭᠠᠬᠢ 7 ᠡᠳᠦᠷ ᠤᠨ ᠳᠣᠲᠣᠷ᠎ᠠ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠵᠣᠬᠢᠶᠠᠨ ᠪᠠᠶᠢᠭᠤᠯᠵᠤ ᠵᠢᠱᠢᠭᠳᠡᠭᠴᠢ ᠶᠢᠨ ᠲᠠᠨᠢᠯᠴᠠᠭᠤᠯᠤᠭᠰᠠᠨ ᠪᠠᠶᠢᠳᠠᠯ ᠢ ᠦᠨᠳᠦᠰᠦᠯᠡᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠨᠡᠷᠡᠰ ᠢ ᠲᠣᠭᠲᠠᠭᠠᠨ᠎ᠠ᠃      ᠠᠷᠪᠠᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠣᠪᠣᠭ ᠨᠡᠷ᠎ᠡ᠂ ᠠᠵᠢᠯ ᠮᠡᠷᠭᠡᠵᠢᠯ᠂ ᠰᠠᠭᠤᠭ᠎ᠠ ᠭᠠᠵᠠᠷ ᠵᠡᠷᠭᠡ ᠶᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠪᠠᠶᠢᠷᠢᠨ ᠳᠤ ᠠᠳᠠᠭ ᠲᠠᠭᠠᠨ ᠬᠤᠶᠠᠷ ᠭᠠᠵᠠᠷ ᠲᠤ ᠢᠯᠡ ᠨᠡᠶᠢᠲᠡᠯᠡᠬᠦ ᠬᠡᠷᠡᠭᠲᠡᠢ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ᠠᠴᠠ ᠪᠠᠭ᠎ᠠ ᠪᠠᠶᠢᠵᠤ ᠪᠣᠯᠬᠤ ᠦᠭᠡᠢ᠃ ᠬᠡᠷᠪᠡ ᠣᠨᠳᠣᠣ ᠰᠠᠨᠠᠯ ᠲᠠᠢ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠤᠨ ᠬᠡᠯᠪᠡᠷᠢ ᠪᠠᠷ ᠳᠤᠷᠠᠳᠤᠨ ᠭᠠᠷᠭᠠᠵᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ 7 ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠢᠯᠡᠷᠬᠡᠢ ᠭᠠᠵᠠᠷ ᠲᠤ ᠵᠠᠷᠯᠠᠨ ᠨᠡᠶᠢᠲᠡᠯᠡᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠪᠠᠶᠢᠭᠤᠯᠤᠭᠳᠠᠭᠰᠠᠨ ᠤ ᠳᠠᠷᠠᠭ᠎ᠠ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠥᠪᠡᠰᠦᠪᠡᠨ ᠳᠠᠩᠰᠠᠯᠠᠬᠤ ᠶᠢᠨ ᠬᠠᠮᠲᠤ ᠵᠣᠬᠢᠶᠠᠨ ᠪᠠᠶᠢᠭᠤᠯᠤᠭᠰᠠᠨ ᠠᠯᠪᠠᠨ ᠵᠠᠷ᠂ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠲᠥᠯᠥᠭᠡᠯᠡᠭᠴᠢ ᠶᠢᠨ ᠵᠢᠱᠢᠭᠳᠡᠭᠴᠢ ᠶᠢ ᠲᠠᠨᠢᠯᠴᠠᠭᠤᠯᠬᠤ ᠬᠦᠰᠦᠨᠦᠭᠲᠦ᠂ ᠥᠮᠴᠢᠲᠡᠨ ᠤ ᠨᠡᠷ᠎ᠡ ᠬᠤᠯᠪᠤᠭᠠᠯᠠᠨ ᠵᠢᠱᠢᠭᠳᠡᠭᠴᠢ ᠶᠢ ᠲᠠᠨᠢᠯᠴᠠᠭᠤᠯᠬᠤ ᠬᠦᠰᠦᠨᠦᠭᠲᠦ᠂ ᠥᠮᠴᠢᠲᠡᠨ ᠤ ᠥᠪᠡᠷ ᠢ ᠪᠠᠨ ᠲᠠᠨᠢᠯᠴᠠᠭᠤᠯᠬᠤ ᠬᠦᠰᠦᠨᠦᠭᠲᠦ᠂ ᠵᠣᠬᠢᠶᠠᠨ ᠪᠠᠶᠢᠭᠤᠯᠤᠭᠰᠠᠨ ᠪᠠᠶᠢᠳᠠᠯ ᠢ ᠢᠯᠡ ᠨᠡᠶᠢᠳᠡᠯᠡᠭᠰᠡᠨ ᠵᠢᠴᠢ ᠣᠨᠳᠣᠣ ᠰᠠᠨᠠᠯ ᠢ ᠬᠠᠷᠭᠤᠭᠤᠯᠤᠨ ᠪᠠᠶᠢᠴᠠᠭᠠᠭᠰᠠᠨ ᠵᠡᠷᠭᠡ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠨ᠎ᠠ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠦᠮᠴᠢᠳᠠᠳ ᠤᠨ ᠬᠤᠷᠠᠯ ᠤᠨ ᠳᠠᠩᠰᠠᠯᠠᠭᠤᠯᠤᠭᠰᠠᠨ ᠭᠡᠷᠡᠴᠢ ᠪᠠ ᠲᠠᠮᠠᠭ᠎ᠠ ᠶᠢᠨ ᠭᠡᠷᠡᠴᠢ ᠶᠢ ᠠᠪᠴᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠦᠮᠴᠢᠳᠠᠳ ᠤᠨ ᠬᠤᠷᠠᠯ ᠤᠨ ᠲᠠᠮᠠᠭ᠎ᠠ ᠶᠢ ᠰᠡᠶᠢᠯᠦᠨ ᠦᠢᠯᠡᠳᠬᠦ ᠪᠠᠷ ᠭᠤᠶᠤᠴᠢᠯᠠᠵᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠠᠷᠭᠠᠭᠰᠠᠨ ᠪᠠᠶᠢᠭᠤᠯᠤᠭᠰᠠᠨ ᠭᠡᠷᠡᠴᠢ ᠶᠢ ᠠᠪᠴᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠲᠠᠮᠠᠭ᠎ᠠ ᠶᠢ ᠰᠡᠶᠢᠯᠦᠨ ᠦᠢᠯᠡᠳᠬᠦ ᠪᠠᠷ ᠭᠤᠶᠤᠴᠢᠯᠠᠨ᠎ᠠ᠃      ᠦᠮᠴᠢᠳᠠᠳ ᠤᠨ ᠬᠤᠷᠠᠯ ᠢ ᠬᠤᠷᠠᠯᠳᠤᠭᠤᠯᠭᠰᠠᠨ ᠦᠭᠡᠢ ᠪᠠᠶᠢᠪᠠᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠦᠪᠯᠡᠯ ᠢ ᠪᠠᠶᠢᠭᠤᠯᠤᠭᠰᠠᠨ ᠡᠳᠦᠷ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠥᠪᠡᠰᠦᠪᠡᠨ ᠳᠠᠩᠰᠠᠯᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠠᠷᠭᠠᠭᠰᠠᠨ  ᠪᠠᠶᠢᠭᠤᠯᠤᠭᠰᠠᠨ ᠭᠡᠷᠡᠴᠢ ᠶᠢ ᠠᠪᠴᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠲᠠᠮᠠᠭ᠎ᠠ ᠶᠢ ᠰᠡᠶᠢᠯᠦᠨ ᠤᠶᠢᠯᠡᠳᠬᠦ ᠪᠠᠷ ᠭᠤᠶᠤᠴᠢᠯᠠᠨ᠎ᠠ᠃      ᠠᠷᠪᠠᠨ ᠬᠤᠶᠠᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠥᠮᠴᠢᠲᠡᠨ ᠢ ᠵᠣᠬᠢᠶᠠᠨ ᠪᠠᠶᠢᠭᠤᠯᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠦᠢᠯᠡᠰ ᠢ ᠬᠠᠮᠲᠤᠪᠠᠷ ᠲᠣᠭᠲᠠᠭᠠᠬᠤ ᠶᠢ ᠬᠠᠷᠢᠭᠤᠴᠠᠵᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ᠤ ᠠᠷᠠᠳ ᠤᠨ ᠵᠥᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠵᠦ᠂ ᠥᠮᠴᠢᠲᠡᠨ ᠤ ᠬᠢᠨᠠᠯᠲᠠ ᠶᠢ ᠬᠦᠯᠢᠶᠡᠨ᠎ᠡ᠃ ᠥᠮᠴᠢᠲᠡᠨ ᠢ ᠵᠣᠬᠢᠶᠠᠨ ᠪᠠᠶᠢᠭᠤᠯᠵᠤ ᠳᠤᠤᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄      ︵ᠨᠢᠭᠡ︶ ᠨᠥᠬᠦᠴᠡᠯ ᠳᠤ ᠨᠡᠶᠢᠴᠡᠬᠦ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠳᠤ ᠦᠮᠴᠢᠳᠠᠳ ᠤᠨ ᠬᠤᠷᠠᠯ ᠢ ᠬᠤᠷᠠᠯᠳᠤᠭᠤᠯᠵᠤ᠂ ᠦᠮᠴᠢᠳᠠᠳ ᠤᠨ ᠵᠥᠪᠯᠡᠯ ᠢ ᠰᠣᠩᠭᠤᠨ ᠭᠠᠷᠭᠠᠨ᠎ᠠ︔      ︵ᠬᠤᠶᠠᠷ︶ ᠦᠮᠴᠢᠳᠠᠳ ᠤᠨ ᠬᠤᠷᠠᠯ ᠪᠤᠶᠤ ᠪᠥᠬᠦ ᠦᠮᠴᠢᠳᠠᠳ ᠤᠨ ᠬᠤᠷᠠᠯ ᠢ ᠬᠤᠷᠠᠯᠳᠤᠭᠤᠯᠵᠤ᠂ ᠣᠨ ᠤ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠳᠠᠯ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠮᠡᠳᠡᠭᠦᠯᠬᠦ ᠶᠢᠨ ᠬᠠᠮᠲᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠪᠠᠶᠢᠷᠢᠨ ᠳᠤ ᠨᠡᠶᠢᠲᠡᠯᠡᠵᠦ᠂ ᠥᠮᠴᠢᠲᠡᠨ ᠤ ᠬᠢᠨᠠᠯᠲᠠ ᠶᠢ ᠬᠦᠯᠢᠶᠡᠨ᠎ᠡ︔      ︵ᠭᠤᠷᠪᠠ︶ ᠥᠮᠴᠢᠲᠡᠨ ᠢ ᠵᠣᠬᠢᠶᠠᠨ ᠪᠠᠶᠢᠭᠤᠯᠤᠨ ᠠᠳᠠᠯ ᠠᠬᠤᠢ ᠶᠢᠨ ᠦᠢᠯᠡᠴᠢᠯᠡᠭᠴᠢ ᠶᠢ ᠡᠯᠰᠡᠬᠦ ᠪᠠ ᠠᠵᠢᠯ ᠠᠴᠠ ᠪᠠᠨ ᠶᠠᠪᠤᠭᠤᠯᠬᠤ᠂ ᠠᠳᠠᠯ ᠠᠬᠤᠢ ᠶᠢᠨ ᠦᠢᠯᠡᠴᠢᠯᠡᠭᠡᠨ ᠤ ᠠᠷᠭ᠎ᠠ ᠮᠠᠶ᠋ᠢᠭ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ ᠪᠠ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠪᠤᠶᠤ ᠲᠣᠬᠢᠷᠠᠭᠤᠯᠵᠤ᠂ ᠥᠮᠴᠢᠲᠡᠨ ᠢ ᠲᠥᠯᠥᠭᠡᠯᠡᠨ ᠠᠳᠠᠯ ᠠᠬᠤᠢ ᠶᠢᠨ ᠦᠢᠯᠡᠴᠢᠯᠡᠭᠴᠢ ᠲᠠᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠲᠤᠭᠳᠠᠵᠤ᠂ ᠠᠵᠢᠯ ᠠᠴᠠ ᠨᠢ ᠶᠠᠪᠤᠭᠤᠯᠤᠭᠰᠠᠨ ᠠᠳᠠᠯ ᠠᠬᠤᠢ ᠶᠢᠨ ᠦᠢᠯᠡᠴᠢᠯᠡᠭᠴᠢ ᠶᠢᠨ ᠠᠵᠢᠯ ᠢ ᠬᠦᠯᠢᠶᠠᠨ ᠠᠪᠤᠨ᠎ᠠ︔     ︵ᠳᠥᠷᠪᠡ︶ ᠥᠮᠴᠢᠲᠡᠨ ᠢ ᠵᠣᠬᠢᠶᠠᠨ ᠪᠠᠶᠢᠭᠤᠯᠵᠤ ᠬᠠᠮᠲᠤ ᠪᠠᠷ ᠬᠡᠷᠡᠭᠯᠡᠬᠦ ᠭᠡᠰᠡᠭ ᠤᠨ ᠡᠵᠡᠩᠨᠡᠯᠲᠡ ᠶᠢᠨ ᠠᠷᠭ᠎ᠠ ᠮᠠᠶ᠋ᠢᠭ ᠢ ᠲᠤᠭᠳᠠᠭᠠᠵᠤ᠂ ᠬᠠᠮᠲᠤ ᠪᠠᠷ ᠥᠮᠴᠢᠯᠡᠬᠦ ᠬᠡᠰᠡᠭ᠂ ᠬᠠᠮᠲᠤ ᠪᠠᠷ ᠥᠮᠴᠢᠯᠡᠬᠦ ᠪᠡᠯᠡ ᠮᠥᠩᠭᠦ ᠶᠢ ᠬᠡᠷᠡᠭᠯᠡᠬᠦ ᠪᠠ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠨ᠎ᠠ︔     ︵ᠲᠠᠪᠤ︶ ᠥᠮᠴᠢᠲᠡᠨ ᠢ ᠵᠣᠬᠢᠶᠠᠨ ᠪᠠᠶᠢᠭᠤᠯᠵᠤ ᠰᠡᠯᠪᠢᠨ ᠵᠠᠰᠠᠬᠤ ᠲᠤᠰᠬᠠᠢ ᠪᠡᠯᠡ ᠮᠥᠩᠭᠦ ᠶᠢ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠨ᠎ᠡ︔      ︵ᠵᠢᠷᠭᠤᠭ᠎ᠠ︶ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢᠨ ᠰᠠᠨᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠥᠮᠴᠢᠲᠡᠨ ᠢ ᠱᠠᠯᠠᠪᠳᠠᠭᠤᠯᠤᠨ ᠠᠳᠠᠯ ᠠᠬᠤᠢ ᠶᠢᠨ ᠰᠦᠢᠳᠬᠡᠯ ᠢ ᠲᠤᠰᠢᠶᠠᠯᠭᠠᠵᠤ᠂ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠬᠡᠬᠦ ᠳᠤ ᠬᠢᠨᠠᠯᠲᠠ ᠲᠠᠯᠪᠢᠨ᠎ᠠ︔     ︵ᠲᠤᠯᠤᠭ᠎ᠠ︶ ᠥᠮᠴᠢᠲᠡᠨ ᠢ ᠵᠣᠬᠢᠶᠠᠨ ᠪᠠᠶᠢᠭᠤᠯᠤᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ᠂ ᠶᠠᠪᠤᠳᠠᠯ ᠵᠥᠪᠯᠡᠬᠦ ᠳᠦᠷᠢᠮ ᠢ ᠲᠣᠭᠲᠠᠭᠠᠬᠤ ᠪᠤᠶᠤ ᠵᠠᠰᠠᠪᠤᠷᠢ ᠤᠷᠤᠭᠤᠯᠤᠨ᠂ ᠨᠡᠶᠢᠲᠡ ᠶᠢᠨ ᠭᠡᠷ᠎ᠡ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠶᠢᠨ ᠬᠠᠮᠢᠶᠠᠷᠤᠯᠲᠠ ᠶᠢᠨ ᠨᠡᠶᠢᠲᠡ ᠶᠢᠨ ᠭᠡᠷ᠎ᠡ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠤᠭᠰᠤᠭᠠᠨ᠎ᠠ︔      ︵ᠨᠠᠢᠮᠠ︶ ᠵᠠᠷ ᠮᠡᠳᠡᠭᠡ᠂ ᠲᠡᠷᠭᠡᠨ ᠵᠣᠭᠰᠣᠭᠠᠯ ᠢ ᠲᠦᠷᠢᠶᠡᠰᠦᠯᠡᠨ ᠡᠵᠡᠩᠨᠡᠭᠰᠡᠨ ᠣᠷᠣᠯᠭ᠎ᠠ ᠵᠢᠴᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔      ︵ᠶᠢᠰᠦ︶ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠲᠠᠢ ᠬᠠᠮᠵᠢᠯᠴᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ  ᠳᠠᠬᠢ ᠳᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠡ︔      ︵ᠠᠷᠪᠠ︶ ᠦᠮᠴᠢᠳᠠᠳ ᠤᠨ ᠬᠤᠷᠠᠯ ᠪᠤᠶᠤ ᠦᠮᠴᠢᠳᠠᠳ ᠠᠴᠠ ᠣᠯᠭᠤᠭᠰᠠᠨ ᠪᠤᠰᠤᠳ ᠲᠤᠰᠢᠶᠠᠯ ᠬᠠᠷᠢᠭᠤᠴᠠᠯᠭ᠎ᠠ ᠶᠢ ᠬᠦᠢᠴᠡᠳᠬᠡᠨ᠎ᠡ᠃      ᠠᠷᠪᠠᠨ ᠭᠤᠷᠪᠠᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠢ ᠲᠣᠭᠲᠠᠮᠠᠯ ᠬᠤᠭᠤᠴᠠᠭᠠᠲᠤ ᠬᠤᠷᠠᠯ ᠪᠠ ᠲᠦᠷ ᠴᠠᠭ ᠤᠨ ᠬᠤᠷᠠᠯ ᠭᠡᠵᠦ ᠬᠤᠪᠢᠶᠠᠨ᠎ᠠ᠃ ᠲᠣᠭᠲᠠᠮᠠᠯ ᠬᠤᠭᠤᠴᠠᠭᠠᠲᠤ ᠬᠤᠷᠠᠯ ᠢ ᠶᠠᠪᠤᠳᠠᠯ ᠵᠥᠪᠯᠡᠬᠦ ᠳᠦᠷᠢᠮ ᠤᠨ ᠲᠣᠭᠲᠠᠭᠠᠯ ᠶᠣᠰᠣᠭᠠᠷ ᠬᠤᠷᠠᠯᠳᠤᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠤᠷᠪᠠᠨ ᠤ ᠨᠢᠭᠡ ᠠᠴᠠ ᠳᠡᠭᠡᠭᠰᠢᠬᠢ ᠭᠡᠰᠢᠭᠦᠨ ᠤᠨ ᠰᠠᠨᠠᠭᠤᠯᠭ᠎ᠠ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠠᠴᠠ ᠴᠢᠬᠤᠯᠠ ᠲᠠᠢ ᠭᠡᠵᠦ ᠦᠵᠡᠪᠡᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠤᠨ᠎ᠠ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠢ ᠡᠷᠬᠢᠯᠡᠭᠴᠢ ᠡᠷᠬᠢᠯᠡᠨ ᠬᠤᠷᠠᠯᠳᠤᠭᠤᠯᠤᠨ᠎ᠠ᠂ ᠡᠷᠬᠢᠯᠡᠭᠴᠢ ᠶᠠᠮᠠᠷ ᠨᠢᠭᠡᠨ ᠰᠢᠯᠲᠠᠭᠠᠨ ᠠᠴᠠ ᠪᠣᠯᠵᠤ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠬᠦ ᠦᠭᠡᠢ ᠪᠣᠯ ᠳᠡᠳ᠋ ᠡᠷᠬᠢᠯᠡᠭᠴᠢ ᠳᠤ ᠨᠠᠶᠢᠳᠠᠵᠤ ᠡᠷᠬᠢᠯᠡᠨ ᠬᠤᠷᠠᠯᠳᠤᠭᠤᠯᠵᠤ ᠪᠣᠯᠣᠨ᠎ᠠ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠳᠤ ᠬᠠᠭᠠᠰ ᠠᠴᠠ ᠳᠡᠭᠡᠭᠰᠢ ᠲᠣᠭᠠᠨ ᠤ ᠭᠡᠰᠢᠭᠦᠨ ᠤᠷᠤᠯᠴᠠᠬᠤ ᠮᠥᠷᠲᠡᠭᠡᠨ ᠬᠠᠭᠠᠰ ᠠᠴᠠ ᠳᠡᠭᠡᠭᠰᠢ ᠲᠣᠭᠠᠨ ᠤ ᠥᠮᠴᠢᠲᠡᠨ ᠤ ᠲᠥᠯᠥᠭᠡᠯᠡᠭᠴᠢ ᠭᠡᠰᠢᠭᠦᠨ ᠣᠷᠣᠯᠴᠠᠭᠰᠠᠨ ᠪᠠᠶᠢᠬᠤ ᠬᠡᠷᠡᠭᠲᠡᠢ᠃ ᠥᠮᠴᠢᠲᠡᠨ ᠤ ᠲᠥᠯᠥᠭᠡᠯᠡᠭᠴᠢ ᠭᠡᠰᠢᠭᠦᠨ ᠣᠷᠣᠯᠠᠭᠴᠢ ᠳᠤ ᠨᠠᠶᠢᠳᠠᠵᠤ ᠬᠤᠷᠠᠯ ᠳᠤ ᠣᠷᠣᠯᠴᠠᠭᠤᠯᠵᠤ ᠪᠣᠯᠬᠤ ᠦᠭᠡᠢ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠦᠪᠯᠡᠯ ᠲᠤᠭᠳᠠᠭᠠᠭᠰᠠᠨ ᠲᠣᠭᠲᠠᠭᠠᠯ ᠢᠶᠠᠨ ᠬᠠᠭᠠᠰ ᠠᠴᠠ ᠳᠡᠭᠡᠭᠰᠢ ᠲᠣᠭᠠᠨ ᠤ ᠭᠡᠰᠢᠭᠦᠳ ᠢᠶᠠᠷ ᠭᠠᠷ ᠤᠨ ᠦᠰᠦᠭ ᠵᠢᠷᠤᠭᠤᠯᠵᠤ ᠵᠦᠪᠰᠢᠶᠡᠷᠡᠬᠦᠯᠬᠦ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠲᠣᠭᠲᠠᠭᠠᠯ ᠢ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠭᠠᠵᠠᠷ ᠲᠤ ᠢᠯᠡ ᠨᠡᠶᠢᠳᠡᠯᠡᠵᠤ᠂ ᠨᠡᠶᠢᠳᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠪᠥᠬᠦ ᠪᠦᠷᠢᠯᠳᠦᠭᠦᠨ ᠳᠤ ᠠᠳᠠᠯᠢᠬᠠᠨ ᠪᠠᠲᠤᠯᠠᠬᠤ ᠡᠷᠬᠡ ᠲᠠᠢ ᠪᠥᠭᠡᠳ ᠨᠢᠭᠡ ᠬᠥᠮᠥᠨ ᠳᠤ ᠨᠢᠭᠡ ᠪᠢᠯᠧᠲ ᠤᠨ ᠳᠦᠷᠢᠮ ᠢ ᠬᠡᠷᠡᠭᠵᠢᠭᠦᠯᠦᠨ᠎ᠡ᠃      ᠠᠷᠪᠠᠨ ᠳᠥᠷᠪᠡᠳᠦᠭᠡᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠡᠰᠢᠬᠦᠨ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠭᠡᠰᠢᠭᠦᠨ ᠤ ᠬᠢᠷᠢ ᠬᠡᠮ ᠨᠢ ᠪᠠᠶᠢᠳᠠᠯ ᠡᠭᠦᠰᠦᠭᠰᠡᠨ ᠡᠳᠦᠷ ᠠᠴᠠ ᠡᠬᠢᠯᠡᠨ ᠠᠶᠠᠨᠳᠠᠭᠠᠨ ᠳᠠᠭᠤᠰᠤᠨ᠎ᠠ᠄      ︵ᠨᠢᠭᠡ︶ ᠲᠣᠰ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠥᠮᠴᠢᠲᠡᠨ ᠪᠤᠶᠤ ᠠᠳᠠᠯ ᠠᠬᠤᠢ ᠶᠢᠨ ᠬᠡᠷᠡᠭᠯᠡᠭᠴᠢ ᠪᠢᠰᠢ ᠪᠣᠯᠤᠭᠰᠠᠨ︔      ︵ᠬᠤᠶᠠᠷ︶ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠳᠤ ᠤᠴᠢᠷ ᠰᠢᠯᠲᠠᠭᠠᠨ ᠦᠭᠡᠢ ᠪᠠᠷ ᠭᠤᠷᠪᠠ ᠤᠳᠠᠭ᠎ᠠ ᠠᠴᠠ ᠳᠡᠭᠡᠭᠰᠢ ᠣᠷᠣᠯᠴᠠᠭᠰᠠᠨ ᠦᠭᠡᠢ︔      ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠠᠯᠳᠠᠭᠰᠠᠨ︔     ︵ᠳᠥᠷᠪᠡ︶ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠳᠤ ᠪᠢᠴᠢᠭ ᠤᠨ ᠬᠡᠯᠪᠡᠷᠢ ᠪᠠᠷ ᠲᠤᠰᠢᠶᠠᠯ ᠠᠴᠠ ᠪᠠᠨ ᠪᠠᠭᠤᠬᠤ ᠡᠷᠭᠦᠳᠡᠯ ᠭᠠᠷᠭᠠᠭᠰᠠᠨ︔      ︵ᠲᠠᠪᠤ︶ ᠥᠮᠴᠢᠲᠡᠨ ᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ︔     ︵ᠵᠢᠷᠭᠤᠭ᠎ᠠ︶ ᠠᠳᠠᠯ ᠠᠬᠤᠢ ᠶᠢᠨ ᠦᠢᠯᠡᠴᠢᠯᠡᠭᠴᠢ ᠳᠤ ᠲᠠᠸᠠᠷ ᠪᠤᠷᠤᠯᠠᠭᠤᠯᠬᠤ᠂ ᠲᠤᠬᠠᠶᠢᠯᠠᠭᠰᠠᠨ ᠠᠵᠢᠯ ᠢ ᠳᠠᠭᠠᠭᠠᠨ ᠠᠪᠴᠤ ᠵᠦᠢ ᠪᠤᠰᠤ ᠠᠰᠢᠭ ᠣᠯᠣᠭᠰᠠᠨ︔     ︵ᠲᠤᠯᠤᠭ᠎ᠠ︶ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ︔      ︵ᠨᠠᠢᠮᠠ︶ ᠪᠤᠰᠤᠳ ᠰᠢᠯᠲᠠᠭᠠᠨ ᠠᠴᠠ ᠪᠣᠯᠵᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠳᠤᠰᠢᠶᠠᠯ ᠢ ᠡᠬᠦᠷᠬᠡᠯᠡᠬᠦ ᠳᠤ ᠲᠣᠬᠢᠷᠠᠬᠤ ᠦᠭᠡᠢ ᠪᠠᠶᠢᠳᠠᠯ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠤ ᠬᠢᠷᠢ ᠬᠡᠮ ᠨᠢ ᠳᠠᠭᠤᠰᠤᠭᠰᠠᠨ ᠪᠠᠶᠢᠪᠠᠯ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠠᠴᠠ ᠥᠮᠴᠢᠲᠡᠨ ᠳᠤ ᠢᠯᠡ ᠨᠡᠶᠢᠲᠡᠯᠡᠬᠦ ᠶᠢᠨ ᠬᠠᠮᠲᠤ 30 ᠡᠳᠦᠷ ᠤᠨ ᠳᠣᠲᠣᠷ᠎ᠠ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠠᠭᠢᠵᠤ ᠳᠠᠩᠰᠠᠯᠠᠭᠤᠯᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠬᠤᠯᠪᠤᠭᠳᠠᠯ ᠪᠦᠬᠦᠢ ᠠᠵᠢᠯ ᠤᠨ ᠵᠠᠷᠤᠳᠠᠯ ᠵᠢᠴᠢ ᠭᠡᠰᠢᠭᠦᠳ ᠤᠨ ᠠᠵᠢᠯ ᠤᠨ ᠨᠥᠬᠦᠪᠦᠷᠢ ᠶᠢ ᠥᠮᠴᠢᠲᠡᠨ ᠠᠴᠠ ᠡᠭᠦᠷᠭᠡᠯᠡᠬᠦ ᠳᠤ ᠭᠦᠷᠪᠡᠯ᠂ ᠪᠥᠬᠦ ᠥᠮᠴᠢᠲᠡᠨ ᠠᠴᠠ ᠬᠠᠮᠲᠤᠪᠠᠷ ᠲᠣᠭᠲᠠᠭᠠᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠠᠵᠢᠯᠯᠠᠬᠤ ᠬᠤᠭᠤᠴᠠᠭ᠎ᠠ ᠶᠢ ᠡᠩ ᠤᠨ ᠪᠠᠶᠢᠳᠠᠯ ᠳᠤ 3 ᠵᠢᠯ ᠠᠴᠠ ᠬᠡᠲᠦᠷᠡᠭᠦᠯᠬᠦ ᠦᠭᠡᠢ᠃ ᠬᠤᠭᠤᠴᠠᠭ᠎ᠠ ᠳᠦᠭᠦᠷᠦᠭᠰᠡᠨ ᠪᠠᠶᠢᠲᠠᠯ᠎ᠠ ᠮᠥᠨ ᠬᠦ ᠦᠮᠴᠢᠳᠠᠳ ᠤᠨ ᠬᠤᠷᠠᠯ ᠢ ᠬᠤᠷᠠᠯᠳᠤᠭᠤᠯᠤᠭᠰᠠᠨ ᠦᠭᠡᠢ᠂ ᠦᠮᠴᠢᠳᠠᠳ ᠤᠨ ᠵᠥᠪᠯᠡᠯ ᠢ ᠰᠣᠩᠭᠤᠨ ᠭᠠᠷᠭᠠᠭᠰᠠᠨ ᠦᠭᠡᠢ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠳᠠᠭᠢᠵᠤ ᠰᠢᠨ᠎ᠡ ᠪᠠᠷ ᠪᠠᠶᠢᠭᠤᠯᠬᠤ ᠬᠡᠷᠡᠭᠳᠠᠢ᠃ ᠳᠠᠬᠢᠵᠤ ᠪᠠᠶᠢᠭᠤᠯᠤᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠨᠡᠷᠡᠶᠢᠳᠦᠯ ᠢ ᠬᠤᠪᠢᠷᠠᠭᠤᠯᠬᠤ ᠦᠭᠡᠢ᠂ ᠲᠠᠮᠠᠭ᠎ᠠ ᠶᠢ ᠨᠢ ᠪᠠᠶᠢᠭᠤᠯᠤᠭᠳᠠᠭᠰᠠᠨ ᠴᠠᠭ ᠬᠤᠭᠤᠴᠠᠭ᠎ᠠ ᠪᠠᠷ ᠨᠢ ᠲᠣᠳᠣᠷᠬᠠᠶᠢᠯᠠᠵᠤ ᠢᠯᠭᠠᠨ᠎ᠠ᠃      ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ᠂ ᠨᠢᠭᠡᠨᠲᠡ ᠠᠩᠬᠠᠳᠤᠭᠠᠷ ᠤᠳᠠᠭᠠᠨ ᠤ ᠦᠮᠴᠢᠳᠠᠳ ᠤᠨ ᠬᠤᠷᠠᠯ ᠤᠨ ᠪᠡᠯᠡᠳᠬᠡᠯ ᠠᠵᠢᠯ ᠢ ᠡᠬᠢᠯᠡᠭᠦᠯᠦᠭᠰᠡᠨ ᠪᠤᠶᠤ ᠬᠤᠭᠤᠴᠠᠭ᠎ᠠ ᠰᠣᠯᠢᠬᠤ ᠰᠣᠩᠭᠤᠭᠤᠯᠢ᠂ ᠳᠠᠭᠢᠵᠤ ᠰᠣᠩᠭᠤᠭᠤᠯᠢ ᠬᠢᠬᠦ ᠵᠡᠷᠭᠡ ᠠᠵᠢᠯ ᠤᠨ ᠬᠡᠷᠡᠭᠴᠡᠭᠡ ᠲᠠᠢ ᠪᠣᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠵᠤ ᠪᠣᠯᠣᠨ᠎ᠠ᠂ ᠭᠤᠶᠤᠴᠢᠯᠠᠯ ᠢᠶᠠᠨ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠢᠶᠠᠯ ᠤᠨ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ᠂ ᠭᠡᠪᠡᠴᠦ ᠬᠠᠮᠤᠭ ᠤᠷᠳᠤ ᠳᠠᠭᠠᠨ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃      ᠠᠷᠪᠠᠨ ᠳᠣᠯᠣᠳᠤᠭᠠᠷ ᠵᠦᠢᠯ   ᠦᠮᠴᠢᠳᠡᠳ ᠤᠨ ᠬᠤᠷᠠᠯ ᠢ ᠨᠢᠬᠡᠨᠳᠡ ᠬᠤᠷᠠᠯᠳᠤᠭᠤᠯᠵᠤ᠂ ᠦᠮᠴᠢᠳᠡᠳ ᠤᠨ ᠵᠥᠪᠯᠡᠯ ᠢ ᠰᠣᠩᠭᠤᠨ ᠭᠠᠷᠭᠠᠭᠰᠠᠨ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠲᠣᠬᠢᠷᠠᠭᠤᠯᠤᠯᠲᠠ᠂ ᠭᠡᠷ ᠪᠠᠶᠢᠰᠢᠩ ᠤᠨ ᠤᠰᠠᠳᠤᠯ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠦᠷᠬᠦᠯᠵᠢᠯᠡᠬᠦᠯᠬᠦ ᠶᠢᠨ ᠠᠷᠭ᠎ᠠ ᠦᠭᠡᠢ ᠪᠣᠯᠭᠠᠭᠰᠠᠨ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 30 ᠡᠳᠦᠷ ᠤᠨ ᠳᠣᠲᠣᠷ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠲᠠᠷᠬᠠᠭᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠲᠠᠮᠠᠭ᠎ᠠ ᠶᠢ ᠬᠤᠷᠢᠶᠠᠨ ᠠᠪᠬᠤ ᠶᠢᠨ ᠬᠠᠮᠲᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠭᠠᠵᠠᠷ ᠲᠤ ᠢᠯᠡ ᠨᠡᠶᠢᠲᠡᠯᠡᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ   ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠬᠠᠤᠯᠢ ᠶᠣᠰᠣᠭᠠᠷ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠲᠤᠭᠳᠠᠭᠠᠭᠰᠠᠨ ᠲᠤᠭᠳᠠᠭᠠᠯ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠵᠥᠷᠢᠴᠡᠭᠰᠡᠨ ᠪᠠᠶᠢᠪᠠᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠪᠤᠶᠤ ᠲᠣᠭᠲᠠᠭᠠᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠪᠥᠬᠦ ᠥᠮᠴᠢᠲᠡᠨ ᠳᠤ ᠮᠡᠳᠡᠭᠳᠡᠨ᠎ᠡ᠃      ᠠᠷᠪᠠ ᠶᠢᠰᠦᠳᠦᠭᠡᠷ ᠵᠦᠢᠯ   ᠲᠣᠰ ᠠᠷᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃      ᠬᠤᠷᠢᠳᠤᠭᠠᠷ ᠵᠦᠢᠯ   ᠲᠣᠰ ᠠᠷᠭ᠎ᠠ ᠶᠢ 2023 ᠣᠨ ᠤ 9 ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ  ᠨᠢ 5 ᠵᠢᠯ ᠪᠣᠯᠣᠨ᠎ᠠ᠃ ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠠᠴᠠ ᠠᠰᠲᠠᠭᠠᠨ ᠲᠣᠭᠲᠠᠭᠠᠯ ᠲᠠᠢ ᠪᠣᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ