ᠰᠢᠷᠦᠬᠦᠨ ᠪᠤᠷᠤᠭᠠᠨ ᠳᠤ ᠬᠤᠳᠠ ᠠᠮᠠᠷᠬᠠᠨ ᠦᠶᠡᠷ ᠤᠰᠤᠳᠤᠯ ᠡᠬᠦᠰᠴᠤ᠂ ᠬᠤᠳᠠ ᠶᠢᠨ ᠵᠠᠮ | ᠬᠠᠷᠢᠯᠴᠠᠭ᠎ᠠ᠂ ᠰᠠᠭᠤᠭᠠᠯᠢ ᠠᠷᠠᠳ ᠤᠨ ᠠᠮᠢᠳᠤᠷᠠᠯ ᠦᠢᠯᠡᠳᠪᠤᠷᠢᠯᠡᠯ ᠢ ᠨᠦᠯᠦᠬᠡᠯᠡᠨ᠂ ᠴᠢᠨᠠᠭᠰᠢᠯᠠᠪᠠᠯ ᠤᠯᠠᠨ | ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠴᠤ ᠰᠦᠷᠳᠡᠬᠦᠯᠦᠯ ᠳᠤ ᠤᠴᠠᠷᠠᠭᠤᠯᠳᠠᠭ᠃ ᠳᠡᠬᠡᠪᠡᠯ ᠬᠤᠳᠠ ᠶᠢᠨ | ᠦᠶᠡᠷ ᠤᠰᠤᠳᠤᠯ ᠨᠢ ᠬᠡᠷᠬᠢᠨ ᠪᠤᠢ ᠪᠤᠯᠤᠭᠰᠠᠨ ᠪᠤᠢ︖ ᠬᠤᠳᠠ ᠶᠢᠨ ᠦᠶᠡᠷ ᠤᠰᠤᠳᠤᠯ ᠳᠤ ᠶᠠᠭᠠᠬᠢᠵᠤ ᠠᠶᠤᠯ | ᠠᠴᠠ ᠵᠠᠶᠢᠯᠠᠬᠤ ᠪᠤᠢ︖ | ᠤᠬᠤᠷᠬᠠᠨ ᠬᠤᠭᠤᠴᠠᠭᠠᠨ ᠳᠤ ᠰᠢᠷᠦᠬᠦᠨ ᠪᠤᠷᠤᠭᠠᠨ ᠤᠷᠤᠬᠤ ᠪᠤᠶᠤ ᠪᠤᠷᠤᠭᠠᠨ ᠨᠦᠷᠢᠵᠤ ᠤᠷᠤᠪᠠᠯ᠂ | ᠬᠤᠳᠠ ᠶᠢᠨ ᠤᠰᠤ ᠭᠠᠳᠠᠭᠰᠢᠯᠠᠭᠤᠯᠬᠤ ᠴᠢᠳᠠᠪᠤᠷᠢ ᠠᠴᠠ ᠬᠡᠳᠤᠷᠡᠵᠤ᠂ ᠭᠠᠵᠠᠷ ᠤᠨ ᠭᠠᠳᠠᠷᠭᠤ ᠳᠤ ᠤᠰᠤ ᠬᠤᠷᠠᠨ᠂ | ᠬᠤᠳᠠ ᠶᠢᠨ ᠦᠶᠡᠷ ᠤᠰᠤᠳᠤᠯ ᠢ ᠪᠤᠢ ᠪᠤᠯᠭᠠᠳᠠᠭ ᠶᠤᠮ᠃ ᠬᠡᠪᠴᠢᠶ᠎ᠡ ᠨᠢ ᠶᠡᠭᠡ ᠪᠤᠯᠪᠠᠯ ᠬᠤᠳᠠ ᠶᠢᠨ ᠵᠠᠮ | ᠬᠠᠷᠢᠯᠴᠠᠭ᠎ᠠ᠂ ᠰᠠᠭᠤᠭᠠᠯᠢ ᠠᠷᠠᠳ ᠤᠨ ᠠᠮᠢᠳᠤᠷᠠᠯ ᠦᠢᠯᠡᠳᠪᠤᠷᠢᠯᠡᠯ ᠢ ᠨᠦᠯᠦᠬᠡᠯᠡᠳᠡᠭ᠃ ᠬᠤᠳᠠ ᠶᠢᠨ ᠤᠰᠤᠳᠤᠯ | ᠨᠢ ᠶᠡᠷᠦ ᠳᠡᠭᠡᠨ ᠭᠠᠵᠠᠷ ᠤᠨ ᠪᠠᠶᠢᠴᠠ ᠨᠢ ᠨᠠᠮ ᠳᠤᠤᠷ᠎ᠠ ᠭᠠᠵᠠᠷ ᠲᠤ ᠪᠤᠢ ᠪᠤᠯᠳᠠᠭ᠂ ᠵᠢᠱᠢᠶᠡᠯᠡᠪᠡᠯ ᠵᠦᠷᠢᠯᠢᠭ | ᠬᠦᠬᠦᠷᠬᠡ ᠶᠢᠨ ᠳᠤᠤᠷ᠎ᠠ᠂ ᠮᠧᠲᠷᠤ᠋᠂ ᠭᠠᠵᠠᠷ ᠳᠤᠤᠷᠠᠬᠢ ᠵᠠᠮ᠂ ᠭᠠᠵᠠᠷ ᠳᠤᠤᠷᠠᠬᠢ ᠬᠤᠳᠠᠯᠳᠤᠭᠠᠨ ᠤ ᠳᠠᠯᠠᠪᠤᠷ᠂ | ᠭᠠᠵᠠᠷ ᠳᠤᠤᠷᠠᠬᠢ ᠳᠡᠷᠬᠡᠨ ᠵᠤᠭᠰᠤᠭᠠᠯ᠂ ᠭᠠᠵᠠᠷ ᠳᠤᠤᠷᠠᠬᠢ ᠦᠷᠦᠬᠡ ᠵᠢᠴᠢ ᠶᠠᠭ ᠪᠠᠶᠢᠭᠤᠯᠵᠤ ᠪᠠᠶᠢᠭ᠎ᠠ ᠪᠠᠷᠢᠯᠭ᠎ᠠ | ᠶᠢᠨ ᠭᠠᠵᠠᠷ ᠪᠤᠯ ᠴᠦᠮ ᠦᠶᠡᠷ ᠤᠰᠤᠳᠤᠯ ᠳᠤ ᠠᠮᠠᠷᠬᠠᠨ ᠳᠠᠭᠠᠷᠢᠭᠳᠠᠳᠠᠭ ᠤᠷᠤᠨ ᠪᠤᠯᠤᠨ᠎ᠠ᠃ | ᠬᠡᠷᠪᠡ ᠬᠤᠳᠠ ᠦᠶᠡᠷ ᠤᠰᠤᠳᠤᠯ ᠳᠤ ᠳᠠᠭᠠᠷᠢᠭᠳᠠᠪᠠᠯ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ | ᠠᠶᠤᠯ ᠠᠴᠠ ᠵᠠᠶᠢᠯᠠᠬᠤ ᠶᠢ ᠠᠩᠬᠠᠷᠤᠭᠠᠷᠠᠢ᠃ | 1. ᠤᠷᠢᠳᠴᠢᠯᠠᠭᠰᠠᠨ ᠰᠡᠷᠡᠮᠵᠢᠯᠡᠬᠦᠯᠦᠯ ᠢ ᠠᠩᠬᠠᠷᠬᠤ ᠬᠡᠷᠡᠭᠳᠡᠢ | ᠴᠠᠭ ᠠᠭᠤᠷ ᠪᠠ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠡᠶᠢᠳᠡᠯᠡᠭᠰᠡᠨ ᠰᠢᠷᠦᠬᠦᠨ ᠪᠤᠷᠤᠭᠠᠨ ᠪᠠ | ᠦᠶᠡᠷ ᠤᠰᠤᠳᠤᠯ ᠢ ᠰᠡᠷᠡᠮᠵᠢᠯᠡᠬᠦᠯᠦᠭᠰᠡᠨ ᠮᠡᠳᠡᠭᠡ ᠵᠠᠩᠬᠢ ᠶᠢ ᠠᠩᠬᠠᠷᠤᠨ᠎ᠠ᠃ ᠭᠠᠵᠠᠷ ᠤᠨ ᠪᠠᠶᠢᠴᠠ ᠨᠢ ᠨᠠᠮ | ᠳᠤᠤᠷ᠎ᠠ ᠰᠠᠭᠤᠭᠠᠯᠢ ᠳᠤᠭᠤᠷᠢᠭ᠂ ᠬᠤᠳᠠᠯᠳᠤᠭᠠᠨ ᠤ ᠳᠠᠯᠠᠪᠤᠷ᠂ ᠳᠡᠷᠬᠡᠨ ᠵᠤᠭᠰᠤᠭᠠᠯ ᠵᠡᠷᠭᠡ ᠭᠠᠵᠠᠷ ᠤᠨ ᠬᠢᠨ ᠨᠢ | ᠰᠡᠷᠬᠡᠶᠢᠯᠡᠬᠦ ᠠᠷᠭ᠎ᠠ ᠬᠡᠮᠵᠢᠶ᠎ᠡ ᠠᠪᠴᠤ᠂ ᠡᠬᠦᠳᠡᠨ ᠬᠠᠪᠳᠠᠰᠤ᠂ ᠡᠯᠡᠰᠤᠨ ᠤᠭᠤᠳᠠ ᠵᠡᠷᠬᠡ ᠶᠢ ᠪᠡᠯᠡᠳᠬᠡᠨ᠂ ᠤᠰᠤ | ᠶᠢ ᠬᠠᠰᠢᠵᠤ ᠪᠤᠯᠤᠨ᠎ᠠ᠃ | 2. ᠦᠨᠳᠤᠷ ᠲᠤ ᠭᠠᠷᠴᠤ ᠠᠶᠤᠯ ᠠᠴᠠ ᠵᠠᠶᠢᠯᠠᠨ᠎ᠠ | ᠶᠡᠷᠦ ᠳᠡᠭᠡᠨ ᠨᠡᠯᠢᠶᠡᠳ ᠦᠢᠷᠠᠯᠴᠠᠭ᠎ᠠ ᠪᠠᠶᠢᠭ᠎ᠠ ᠭᠠᠵᠠᠷ ᠤᠨ ᠪᠠᠶᠢᠴᠠ ᠨᠡᠯᠢᠶᠡᠳ ᠦᠨᠳᠤᠷ᠂ ᠵᠠᠮ | ᠬᠠᠷᠢᠯᠴᠠᠭ᠎ᠠ ᠨᠡᠯᠢᠶᠡᠳ ᠲᠦᠬᠦᠮ ᠵᠢᠴᠢ ᠡᠷᠡᠬᠦᠯ ᠬᠠᠮᠠᠭᠠᠯᠠᠯ ᠤᠨ ᠨᠦᠬᠦᠴᠡᠯ ᠨᠡᠯᠢᠶᠡᠳ ᠰᠠᠶᠢᠨ ᠭᠠᠵᠠᠷ ᠢ ᠰᠤᠩᠭᠤᠵᠤ | ᠠᠶᠤᠯ ᠠᠴᠠ ᠵᠠᠶᠢᠯᠠᠨ᠎ᠠ᠂ ᠵᠢᠱᠢᠶᠡᠯᠡᠪᠡᠯ ᠦᠨᠳᠤᠷ ᠪᠠᠷᠢᠯᠭ᠎ᠠ ᠶᠢᠨ ᠠᠰᠠᠷ ᠤᠨ ᠤᠷᠤᠢ ᠵᠡᠷᠬᠡ᠃ | 3. ᠴᠠᠬᠢᠯᠭᠠᠨ ᠲᠦᠬᠦᠬᠡᠷᠦᠮᠵᠢ ᠠᠴᠠ ᠬᠤᠯᠠ ᠪᠠᠶᠢᠨ᠎ᠠ | ᠴᠠᠬᠢᠯᠭᠠᠨ ᠲᠦᠬᠦᠬᠡᠷᠦᠮᠵᠢ ᠠᠴᠠ ᠵᠠᠶᠢᠳᠠᠭᠤ ᠪᠠᠶᠢᠵᠤ᠂ ᠴᠠᠬᠢᠯᠭᠠᠨ ᠠᠯᠳᠠᠭᠳᠠᠭᠰᠠᠨ ᠠᠴᠠ ᠪᠤᠯᠵᠤ ᠠᠶᠤᠯ | ᠡᠬᠦᠰᠬᠦ ᠠᠴᠠ ᠵᠠᠶᠢᠯᠠᠰᠬᠢᠬᠦ ᠬᠡᠷᠡᠭᠳᠡᠢ᠃ ᠦᠨᠳᠤᠷ ᠬᠦᠴᠦᠳᠡᠯᠳᠤ ᠴᠠᠬᠢᠯᠭᠠᠨ ᠤᠳᠠᠰᠤᠨ ᠪᠠᠭᠠᠨ᠎ᠠ ᠠᠴᠠ ᠬᠤᠯᠠ | ᠪᠠᠶᠢᠵᠤ᠂ ᠬᠡᠷᠪᠡ ᠴᠠᠬᠢᠯᠭᠠᠨ ᠤᠳᠠᠰᠤᠨ ᠤ ᠪᠠᠭᠠᠨ᠎ᠠ ᠤᠰᠤᠨ ᠳᠤ ᠤᠨᠠᠪᠠᠯ ᠳᠠᠷᠤᠢ ᠲᠦᠷᠬᠡᠨ ᠵᠠᠶᠢᠯᠠᠵᠤ᠂ ᠴᠠᠬᠢᠯᠭᠠᠨ | ᠳᠤ ᠴᠤᠬᠢᠭᠳᠠᠬᠤ ᠠᠴᠠ ᠵᠠᠶᠢᠯᠠᠰᠬᠢᠬᠦ ᠬᠡᠷᠡᠭᠳᠡᠢ᠃ ᠬᠡᠷ ᠳᠤᠳᠤᠷ᠎ᠠ ᠤᠰᠤ ᠬᠤᠷᠠᠪᠠᠯ ᠴᠠᠬᠢᠯᠭᠠᠨ ᠡᠬᠦᠰᠬᠡᠬᠦᠷ᠂ | ᠰᠢᠳᠠᠮᠠᠬᠠᠢ ᠬᠡᠢ ᠵᠡᠷᠬᠡ ᠪᠠᠨ ᠴᠠᠭ ᠳᠤᠬᠠᠢ ᠳᠤᠨᠢ ᠬᠠᠭᠠᠬᠤ ᠬᠡᠷᠡᠭᠳᠡᠢ᠃ | 4. ᠦᠶᠡᠷ ᠢ ᠰᠡᠷᠬᠡᠶᠢᠯᠡᠬᠦ ᠳᠡᠮᠳᠡᠭ ᠢ ᠠᠩᠬᠠᠷᠬᠤ ᠬᠡᠷᠡᠭᠳᠡᠢ | ᠤᠰᠤ ᠬᠤᠷᠠᠭᠰᠠᠨ ᠵᠠᠮ ᠢᠶᠠᠷ ᠶᠠᠪᠤᠬᠤ ᠦᠬᠡᠢ᠂ ᠵᠠᠮ ᠤᠨ ᠬᠠᠵᠠᠭᠤ ᠳᠠᠬᠢ ᠦᠶᠡᠷ ᠢ ᠰᠡᠷᠬᠡᠶᠢᠯᠡᠬᠦ ᠠᠮᠤᠷ | ᠲᠦᠪᠰᠢᠨ ᠤ ᠰᠡᠷᠡᠮᠵᠢ ᠶᠢᠨ ᠳᠡᠮᠳᠡᠭ ᠢ ᠠᠩᠬᠠᠷᠴᠤ᠂ ᠠᠯᠢ ᠴᠢᠳᠠᠬᠤ ᠪᠠᠷ ᠬᠤᠶᠢᠯᠠᠷᠠᠭ᠎ᠠ ᠲᠠᠢ ᠭᠠᠵᠠᠷ ᠲᠤ | ᠦᠢᠷᠠᠳᠤᠬᠤ ᠦᠬᠡᠢ᠂ ᠬᠤᠳᠳᠤᠭ᠂ ᠨᠦᠬᠡ ᠵᠡᠷᠬᠡ ᠳᠤ ᠤᠨᠠᠬᠤ ᠠᠴᠠ ᠰᠡᠷᠬᠡᠶᠢᠯᠡᠬᠦ ᠬᠡᠷᠡᠭᠳᠡᠢ᠃ | | | |