ᠳᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯ ᠲᠥᠷᠥᠯ ᠢᠶᠠᠷ ᠬᠤᠪᠢᠶᠠᠭᠰᠠᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ︽10 ᠨᠢ ᠳᠡᠭᠡᠭᠰᠢᠯᠡᠵᠦ 8 ᠨᠢ ᠪᠠᠭᠤᠷᠠᠪᠠ︾
ᠨᠡᠶᠢᠲᠡᠯᠡᠭᠰᠡᠨ ᠴᠠᠭ᠄
2023/8/4
    2023 ᠣᠨ ᠤ ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ᠃ 18 ᠠᠵᠢᠯ ᠲᠥᠷᠥᠯ ᠤᠨ ᠳᠣᠲᠣᠷᠠᠬᠢ 10 ᠠᠵᠢᠯ ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠵᠤ᠂ ᠨᠡᠮᠡᠭᠳᠡᠯ ᠤᠨ ᠬᠡᠪᠴᠢᠶ᠎ᠡ ᠨᠢ 55.6% ᠳᠤ ᠬᠥᠷᠪᠡ᠃ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 1.3% ᠢᠶᠠᠷ ᠨᠡᠮᠡᠭᠳᠡᠪᠡ︔ ᠢᠳᠡᠭᠡᠨ ᠤ ᠵᠦᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 68.5% ᠪᠠᠷ ᠨᠡᠮᠡᠭᠳᠡᠪᠡ︔ ᠠᠷᠢᠬᠢ᠂ ᠤᠮᠳᠠᠭᠠᠨ ᠪᠠ ᠴᠠᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ︔ ᠨᠡᠬᠡᠮᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 165.2% ᠢᠶᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 78.9% ᠪᠠᠷ ᠨᠡᠮᠡᠭᠳᠡᠪᠡ︔ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 35.5% ᠪᠠᠷ ᠨᠡᠮᠡᠭᠳᠡᠪᠡ︔ ᠮᠠᠰᠢᠨ ᠲᠡᠷᠭᠡ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 77.5% ᠪᠠᠷ ᠨᠡᠮᠡᠭᠳᠡᠪᠡ︔ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ︔ ᠲᠡᠮᠦᠷᠯᠢᠭ ᠦᠢᠯᠡᠳᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ30.7% ᠪᠠᠷ ᠨᠡᠮᠡᠭᠳᠡᠪᠡ︔ ᠴᠠᠬᠢᠯᠭᠠᠨ ᠭᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 50.7% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ