【ᠵᠤᠯ ᠵᠢᠷᠭᠠᠯᠳᠤ ᠳ᠋ᠦᠩᠱᠧᠩ ᠤᠨ ᠪᠠᠶᠠᠷ ᠵᠢᠷᠭᠠᠯᠳᠤ ᠠᠷᠠᠳ ᠤᠨ ᠠᠮᠢᠳᠤᠷᠠᠯ】ᠰᠠᠭᠤᠭᠠᠯᠢ ᠲᠤᠭᠤᠷᠢᠭ ᠤᠨ ᠰᠢᠨ᠎ᠡ ᠳᠦᠷᠢ ᠳᠦᠷᠬᠦ ᠶᠢ ᠬᠠᠷᠠᠭᠠᠷᠠᠢ
ᠨᠡᠶᠢᠲᠡᠯᠡᠭᠰᠡᠨ ᠴᠠᠭ᠄
2023/8/9
     ᠲᠦᠷᠦᠭᠦᠬᠡᠨ᠂ ᠰᠤᠷᠪᠤᠯᠵᠢᠯᠠᠭᠴᠢ ᠯᠢᠨ ᠶᠢᠨ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠲᠤ ᠪᠠᠶᠢᠭ᠎ᠠ ᠡᠳ᠋ ᠪᠣᠳᠠᠰ ᠤᠨ ᠭᠤᠷᠪᠠᠨ ᠳᠠᠪᠬᠤᠷᠯᠢᠭ ᠤᠨ ᠰᠠᠭᠤᠭᠠᠯᠢ ᠲᠣᠭᠤᠷᠢᠭ ᠪᠠ ᠡᠳ᠋ ᠪᠣᠳᠠᠰ ᠤᠨ ᠵᠢᠷᠭᠤᠭᠠᠨ ᠳᠠᠪᠬᠤᠷᠯᠢᠭ ᠤᠨ ᠰᠠᠭᠤᠭᠠᠯᠢ ᠲᠣᠭᠤᠷᠢᠭ ᠲᠤ ᠬᠦᠷᠬᠦ ᠳᠤ᠂ ᠤᠬᠤᠭᠤᠷ ᠮᠠᠰᠢᠨ᠂ ᠴᠠᠬᠢᠯᠭᠠᠨ ᠭᠤᠣᠲᠤᠤ ᠵᠡᠷᠭᠡ ᠮᠠᠰᠢᠨ ᠲᠠᠰᠤᠷᠠᠯᠲᠠ ᠦᠭᠡᠢ ᠠᠵᠢᠯᠯᠠᠵᠤ᠂ ᠠᠵᠢᠯᠴᠢᠳ ᠪᠣᠬᠢᠷ ᠤᠰᠤᠨ ᠤ ᠬᠤᠭᠤᠯᠠᠢ ᠲᠣᠣᠷ ᠢ ᠥᠭᠡᠷᠡᠴᠢᠯᠡᠬᠦ ᠠᠵᠢᠯ ᠢᠶᠠᠨ ᠱᠠᠯᠠᠪᠳᠠᠨ ᠬᠢᠵᠦ ᠪᠠᠶᠢᠪᠠ᠃
01.jpg
2.jpg
     ᠣᠶᠢᠯᠠᠭᠠᠭᠰᠠᠨ ᠢᠶᠠᠷ᠂ ᠡᠳ᠋ ᠪᠣᠳᠠᠰ ᠤᠨ ᠭᠤᠷᠪᠠᠨ ᠳᠠᠪᠬᠤᠷᠯᠢᠭ ᠪᠠ ᠡᠳ᠋ ᠪᠣᠳᠠᠰ ᠤᠨ ᠵᠢᠷᠭᠤᠭᠠᠨ ᠳᠠᠪᠬᠤᠷᠯᠢᠭ ᠪᠤᠯ ᠬᠥᠷᠰᠢ ᠵᠡᠷᠭᠡᠯᠡᠳᠡᠭᠡ ᠬᠤᠶᠠᠷ ᠰᠠᠭᠤᠭᠠᠯᠢ ᠲᠣᠭᠤᠷᠢᠭ ᠪᠠᠶᠢᠵᠤ᠂ ᠡᠳ᠋ ᠪᠣᠳᠠᠰ ᠤᠨ ᠭᠤᠷᠪᠠᠨ ᠳᠠᠪᠬᠤᠷᠯᠢᠭ ᠤᠨ ᠰᠠᠭᠤᠭᠠᠯᠢ ᠲᠣᠭᠤᠷᠢᠭ ᠢ 1983 ᠣᠨ ᠳᠤ ᠪᠠᠶᠢᠭᠤᠯᠵᠤ᠂ 1 ᠰᠠᠭᠤᠷᠢ ᠠᠰᠠᠷ 16 ᠡᠷᠦᠬᠡ ᠰᠠᠭᠤᠭᠠᠯᠢ ᠠᠷᠠᠳ ᠲᠠᠢ᠃ ᠡᠳ᠋ ᠪᠣᠳᠠᠰ ᠤᠨ ᠵᠢᠷᠭᠤᠭᠠᠨ ᠳᠠᠪᠬᠤᠷᠯᠢᠭ ᠤᠨ ᠰᠠᠭᠤᠭᠠᠯᠢ ᠲᠣᠭᠤᠷᠢᠭ ᠢ 1992 ᠣᠨ ᠳᠤ ᠪᠠᠶᠢᠭᠤᠯᠵᠤ᠂ 1 ᠰᠠᠭᠤᠷᠢ ᠠᠰᠠᠷ 30 ᠡᠷᠦᠬᠡ ᠰᠠᠭᠤᠭᠠᠯᠢ ᠠᠷᠠᠳ ᠲᠠᠢ᠃ ᠬᠤᠶᠠᠷ ᠰᠠᠭᠤᠭᠠᠯᠢ ᠲᠣᠭᠤᠷᠢᠭ ᠤᠨ ︽ᠭᠤᠷᠪᠠᠨ ᠲᠣᠣᠷ︾ ᠤᠨ ᠬᠤᠭᠤᠯᠠᠢ ᠴᠦᠮ ᠬᠠᠭᠤᠴᠢᠷᠠᠵᠤ᠂ ᠵᠠᠮ ᠤᠨ ᠭᠠᠳᠠᠷᠭᠤ ᠡᠪᠳᠡᠭᠳᠡᠭᠰᠡᠨ ᠵᠡᠷᠭᠡ ᠠᠰᠠᠭᠤᠳᠠᠯ ᠣᠷᠣᠰᠢᠵᠤ ᠪᠤᠢ᠃ ᠡᠨᠡ ᠵᠢᠯ᠂ ᠡᠨᠡ ᠬᠤᠶᠠᠷ ᠰᠠᠭᠤᠭᠠᠯᠢ ᠲᠣᠭᠤᠷᠢᠭ ᠢ ᠴᠥᠮ ᠥᠭᠡᠷᠡᠴᠢᠯᠡᠨ ᠰᠢᠨᠡᠳᠬᠡᠬᠦ ᠬᠡᠪᠴᠢᠶᠡᠨ ᠳᠤ ᠣᠷᠣᠭᠤᠯᠵᠤ᠂ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠨᠢ ᠭᠤᠣᠯᠳᠠᠭᠤ ᠰᠠᠭᠤᠭᠠᠯᠢ ᠲᠣᠭᠤᠷᠢᠭ ᠤᠨ ᠳᠣᠲᠣᠷᠠᠬᠢ ᠵᠠᠮ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠪᠣᠬᠢᠷᠲᠤᠯ ᠤᠰᠤ ᠶᠢ ᠭᠠᠳᠠᠭᠰᠢᠯᠠᠭᠤᠯᠬᠤ᠂ ᠠᠭᠠᠷ ᠲᠠᠬᠢ ᠤᠲᠠᠰᠤ ᠶᠢ ᠲᠡᠭᠰᠢᠯᠡᠬᠦ ︵ᠭᠠᠵᠠᠷ ᠲᠤ ᠣᠷᠣᠭᠤᠯᠬᠤ︶ ᠵᠡᠷᠭᠡ ᠪᠣᠯᠣᠨ᠎ᠠ᠃
4.jpg
6.jpg
     ︽ᠡᠨᠡ ᠵᠢᠯ ᠤᠨ 6 ᠰᠠᠷ᠎ᠠ ᠶᠢᠨ ᠡᠬᠢᠨ ᠳᠤ ᠪᠢᠳᠡ ᠡᠨᠡ ᠬᠤᠶᠠᠷ ᠰᠠᠭᠤᠭᠠᠯᠢ ᠲᠣᠭᠤᠷᠢᠭ ᠲᠤ ᠥᠭᠡᠷᠡᠴᠢᠯᠡᠯᠲᠡ ᠬᠢᠵᠦ ᠡᠬᠢᠯᠡᠵᠡᠢ᠂ ᠣᠳᠣᠬᠠᠨ ᠳᠤ᠂ ᠤᠤᠯ ᠤᠨ ᠰᠠᠭᠤᠭᠠᠯᠢ ᠲᠣᠭᠤᠷᠢᠭ ᠤᠨ ᠡᠪᠳᠡᠷᠡᠵᠦ ᠬᠠᠭᠤᠴᠢᠷᠠᠭᠰᠠᠨ ᠵᠠᠮ ᠤᠨ ᠭᠠᠳᠠᠷᠭᠤ ᠶᠢ ᠨᠤᠷᠠᠭᠠᠬᠤ ᠵᠡᠷᠭᠡ ᠥᠭᠡᠷᠡᠴᠢᠯᠡᠯᠲᠡ ᠶᠢᠨ ᠠᠵᠢᠯ ᠢ ᠴᠥᠮ ᠳᠠᠭᠤᠰᠬᠠᠵᠠᠢ᠃ ᠪᠠᠷᠢᠯᠭ᠎ᠠ ᠶᠢᠨ ᠠᠵᠢᠯ ᠤᠨ ᠶᠠᠪᠤᠴᠠ ᠳᠤ ᠪᠢᠳᠡ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠮᠠᠲ᠋ᠧᠷᠢᠶᠠᠯ ᠤᠨ ᠪᠣᠭᠤᠮᠲᠠ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠶᠢᠨ ᠵᠡᠷᠭᠡ ᠳᠤ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ ᠪᠤᠶ ᠪᠦᠬᠦᠢ ᠪᠠᠷᠢᠯᠭ᠎ᠠ ᠶᠢ 7 ᠰᠠᠷ᠎ᠠ ᠶᠢᠨ ᠳᠤᠮᠳᠠᠴᠢ ᠪᠠᠷ ᠳᠠᠭᠤᠰᠬᠠᠬᠤ ᠪᠠᠷ ᠵᠢᠱᠢᠵᠦ ᠪᠠᠶᠢᠨ᠎ᠠ︾᠃                                                        — ᠳ᠋ᠦᠩᠱᠧᠩ ᠲᠣᠭᠤᠷᠢᠭ ᠤᠨ ᠬᠤᠢ ᠾᠧ ᠢᠯᠴᠢ ᠬᠠᠩᠭᠠᠬᠤ ᠬᠢᠵᠠᠭᠠᠷᠲᠤ                                                             ᠺᠣᠮᠫᠠᠨᠢ ᠶᠢᠨ ᠲᠦᠷᠦᠯ ᠵᠦᠢᠯ ᠤᠨ ᠬᠠᠷᠢᠭᠤᠴᠠᠯᠭᠠᠲᠠᠨ ᠵᠧᠦ ᡁᠢ ᠬᠤᠢ
7.jpg
     ︽ᠪᠠᠷᠢᠯᠭ᠎ᠠ ᠶᠢᠨ ᠦᠵᠡᠭᠦᠯᠦᠯᠭᠡ ᠶᠢᠨ ᠦᠷ᠎ᠡ ᠪᠦᠲᠦᠭᠡᠯ ᠤᠨ ᠵᠢᠷᠤᠭ ᠢ ᠦᠵᠡᠭᠡᠳ ᠪᠠᠷᠢᠯᠭ᠎ᠠ ᠳᠠᠭᠤᠰᠬᠤ ᠶᠢ ᠮᠠᠰᠢ ᠬᠦᠰᠡᠵᠤ ᠪᠠᠶᠢᠨ᠎ᠠ᠂ ᠥᠭᠡᠷᠡᠴᠢᠯᠡᠨ ᠰᠢᠨᠡᠳᠬᠡᠵᠤ ᠪᠠᠷᠠᠭᠰᠠᠨ ᠤ ᠳᠠᠷᠠᠭ᠎ᠠ᠂ ᠰᠠᠭᠤᠭᠠᠯᠢ ᠲᠣᠭᠤᠷᠢᠭ ᠤᠨ ᠥᠩᠭᠡᠷᠡᠭᠰᠡᠨ ᠳᠤ ᠣᠷᠣᠰᠢᠵᠤ ᠪᠠᠶᠢᠭᠰᠠᠨ ᠡᠯ᠎ᠡ ᠵᠦᠢᠯ ᠤᠨ ᠠᠰᠠᠭᠤᠳᠠᠯ ᠢ ᠴᠥᠮ ᠰᠢᠢᠳᠪᠤᠷᠢᠯᠡᠵᠤ᠂ ᠪᠢᠳᠡ ᠰᠠᠭᠤᠬᠤ ᠳᠤ ᠨᠡᠩ ᠲᠠᠭᠠᠯᠠᠮᠵᠢᠲᠠᠢ ᠪᠥᠭᠡᠳ ᠳᠥᠭᠦᠮ ᠳᠥᠲᠡ ᠪᠣᠯᠵᠤ᠂ ᠰᠡᠳᠬᠢᠯ ᠵᠢᠷᠦᠬᠡᠨ ᠠᠴᠠ ᠪᠠᠨ ᠪᠠᠶᠠᠷᠳᠠᠢ ᠪᠠᠶᠢᠨ᠎ᠠ︾᠃                                                                          — ᠰᠠᠭᠤᠭᠠᠯᠢ ᠠᠷᠠᠳ ᠬᠤᠤ ᠷᠦᠩ ᠴᠢᠩ
8.jpg
     ︽ᠮᠠᠨ ᠤ ᠰᠠᠭᠤᠭᠠᠯᠢ ᠲᠣᠭᠤᠷᠢᠭ ᠢ ᠡᠨᠡ ᠵᠢᠯ ᠤᠨ ᠦᠬᠡᠷᠡᠴᠢᠯᠡᠨ ᠰᠢᠨᠡᠳᠬᠡᠬᠦ ᠬᠡᠪᠴᠢᠶᠡᠨ ᠳᠤ ᠣᠷᠣᠭᠤᠯᠤᠭᠰᠠᠨ ᠢ ᠰᠣᠨᠣᠰᠤᠭᠠᠳ ᠪᠢᠳᠡ ᠮᠠᠰᠢ ᠪᠠᠶᠠᠷᠯᠠᠪᠠ᠂ ᠰᠦᠢᠳᠬᠡᠯ ᠬᠤᠷᠢᠶᠠᠬᠤ ᠠᠴᠠ ᠪᠠᠷᠢᠯᠭ᠎ᠠ ᠪᠠᠷᠢᠬᠤ ᠬᠦᠷᠲᠡᠯ᠎ᠡ᠂ ᠪᠢᠳᠡ ᠴᠥᠮ ᠢᠳᠡᠪᠬᠢᠲᠡᠢ ᠬᠠᠮᠵᠢᠯᠴᠠᠵᠤ᠂ ᠡᠷᠲᠡᠬᠡᠨ ᠦᠭᠡᠷᠡᠴᠢᠯᠡᠨ ᠳᠠᠭᠤᠰᠬᠠᠵᠤ ᠴᠤ᠋ ᠰᠢᠨ᠎ᠡ ᠪᠠᠶᠢᠳᠠᠯ ᠲᠠᠢ ᠪᠣᠯᠭᠠᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃                                                                            — ᠰᠠᠭᠤᠭᠠᠯᠢ ᠠᠷᠠᠳ ᠸᠠᠩ ᠳ᠋ᠧ ᠯᠢ
5.jpg
     ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠳᠠᠯᠠᠨ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠶᠢ ᠨᠢᠭᠡᠳᠦᠯᠲᠡᠢ ᠲᠦᠯᠦᠪᠯᠡᠵᠤ᠂ ᠪᠦᠳᠦᠬᠡᠨ ᠪᠠᠶᠢᠭᠤᠯᠤᠯᠲᠠ ᠬᠠᠮᠢᠶᠠᠷᠤᠯᠲᠠ ᠶᠢ ᠵᠡᠷᠭᠡᠪᠡᠷ ᠠᠳᠬᠤᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠠᠶᠢᠨ ᠶᠠᠪᠤᠳᠠᠯ ᠢ ᠰᠠᠶᠢᠳᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠤ᠂ ᠣᠯᠠᠨ ᠲᠦᠮᠡᠨ ᠤ ᠠᠮᠢᠳᠤᠷᠠᠯ ᠢ ᠨᠠᠩ ᠲᠥᠬᠦᠮ᠂ ᠨᠠᠩ ᠲᠠᠭᠠᠯᠠᠮᠵᠢᠲᠠᠢ᠂ ᠨᠠᠩ ᠰᠠᠶᠢᠨ ᠰᠠᠶᠢᠬᠠᠨ ᠪᠣᠯᠭᠠᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ