ᠤᠶᠣᠨᠳᠤ ᠪᠡᠶ᠎ᠡ ᠶᠢᠨ ᠲᠠᠮᠢᠷ ᠤᠨ ᠴᠡᠴᠡᠷᠯᠢᠭ ᠡᠭᠦᠳᠡ ᠪᠠᠨ ᠨᠡᠭᠡᠭᠡᠯ᠎ᠡ
ᠨᠡᠶᠢᠲᠡᠯᠡᠭᠰᠡᠨ ᠴᠠᠭ᠄
2023/8/9
     ᠣᠶᠢᠷ᠎ᠠ ᠳᠤ᠂ ᠤᠷᠳᠤᠰ ᠤᠨ ᠣᠶᠣᠨᠳᠤ ᠪᠡᠶ᠎ᠡ ᠶᠢᠨ ᠲᠠᠮᠢᠷ ᠤᠨ ᠴᠡᠴᠡᠷᠯᠢᠭ ᠡᠭᠦᠳᠡ ᠪᠠᠨ ᠨᠡᠭᠡᠭᠡᠯ᠎ᠡ᠃      ᠳᠤᠰ ᠴᠡᠴᠡᠷᠯᠢᠭ ᠨᠢ ᠤᠷᠳᠤᠰ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠡᠮᠦᠨ᠎ᠡ ᠲᠠᠯ᠎ᠠ ︵ᠬᠢᠶ᠎ᠠ ᠪᠠᠭᠰᠢ ᠲᠣᠭᠤᠷᠢᠭ︶ ᠳᠤ ᠪᠠᠶᠢᠷᠢᠯᠠᠵᠤ᠂ ᠤᠷᠳᠤᠰ ᠬᠤᠲᠠ ᠶᠢᠨ ᠠᠩᠬᠠᠳᠠᠭᠴᠢ ᠤᠶᠤᠨᠴᠢ ᠴᠢᠳᠠᠪᠬᠢ ᠪᠠ ᠪᠡᠶ᠎ᠡ ᠶᠢᠨ ᠲᠠᠮᠢᠷ ᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠬᠥᠳᠡᠯᠭᠡᠭᠡᠨ ᠤ ᠴᠡᠴᠡᠷᠯᠢᠭ ᠪᠣᠯᠣᠨ᠎ᠠ᠃ ᠴᠡᠴᠡᠷᠯᠢᠭ ᠨᠢ 19.7 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠪᠡᠶ᠎ᠡ ᠴᠢᠭᠢᠷᠠᠭᠵᠢᠭᠤᠯᠤᠯᠲᠠ᠂ ᠪᠡᠶ᠎ᠡ ᠲᠠᠮᠢᠷ ᠤᠨ ᠰᠡᠯᠡᠭᠦᠴᠡᠯ᠂ ᠵᠤᠭ᠎ᠠ ᠴᠡᠩᠭᠡᠯ ᠵᠡᠷᠭᠡ ᠣᠯᠠᠨ ᠴᠢᠳᠠᠪᠬᠢ ᠲᠠᠢ᠃
     ᠴᠡᠴᠡᠷᠯᠢᠭ ᠲᠤ᠂ ᠲᠣᠣᠷ ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠥᠳᠦᠨ ᠪᠥᠮᠪᠦᠭᠡ ᠶᠢᠨ ᠲᠠᠯᠠᠪᠤᠷ᠂ ᠫᠢᠩᠫᠠᠩ ᠪᠥᠮᠪᠦᠭᠡ ᠶᠢᠨ ᠲᠠᠯᠠᠪᠤᠷ᠂ ᠬᠥᠯ ᠪᠥᠮᠪᠦᠭᠡ ᠶᠢᠨ ᠲᠠᠯᠠᠪᠤᠷ ᠪᠠ ᠭᠤᠯᠭᠤᠭᠤᠷ ᠬᠠᠪᠲᠠᠰᠤ ᠶᠢᠨ ᠲᠠᠯᠠᠪᠤᠷ ᠵᠡᠷᠭᠡ ᠡᠯ᠎ᠡ ᠳᠦᠷᠦᠯ ᠤᠨ ᠲᠠᠮᠢᠷ ᠤᠨ ᠲᠠᠯᠠᠪᠤᠷ ᠲᠠᠢ ᠪᠠᠶᠢᠵᠤ᠂ 12 ᠵᠦᠢᠯ ᠤᠨ ᠲᠠᠮᠢᠷ  ᠤᠨ ᠬᠥᠳᠡᠯᠭᠡᠭᠡᠨ ᠢ ᠵᠡᠷᠭᠡ ᠪᠠᠷ ᠥᠷᠨᠢᠭᠦᠯᠵᠦ ᠲᠠᠶᠢᠯᠤᠨ᠎ᠠ᠃ ᠡᠭᠦᠨ ᠤ ᠬᠠᠮᠲᠤ᠂ ᠤᠶᠣᠨᠳᠤ ᠪᠡᠶ᠎ᠡ ᠶᠢᠨ ᠲᠠᠮᠢᠷ ᠤᠨ ᠴᠡᠴᠡᠷᠯᠢᠭ ᠲᠤ ᠰᠡᠭᠦᠳᠡᠷ ᠬᠠᠯᠬᠠᠯᠠᠬᠤ ᠲᠥᠭᠦᠭᠡᠷᠦᠮᠵᠢ ᠲᠣᠬᠢᠷᠠᠭᠤᠯᠵᠤ᠂ ᠬᠤᠪᠴᠠᠰᠤ ᠰᠣᠯᠢᠬᠤ᠂ ᠡᠳ᠋ ᠪᠣᠳᠠᠰ ᠬᠠᠲᠠᠭᠠᠯᠠᠬᠤ᠂ ᠤᠷᠤᠯᠳᠤᠭᠠᠨ ᠤ ᠵᠠᠪᠰᠠᠷᠯᠠᠭ᠎ᠠ ᠳᠤ ᠠᠮᠠᠷᠠᠬᠤ ᠵᠡᠷᠭᠡ ᠴᠢᠳᠠᠪᠬᠢ ᠲᠠᠢ ᠪᠥᠭᠡᠳ ᠭᠡᠷ ᠳᠣᠲᠣᠷᠠᠬᠢ ᠲᠠᠯᠠᠪᠠᠢ ᠳᠤ ᠪᠠᠰᠠ ᠬᠦᠢᠲᠡᠨ ᠬᠠᠯᠠᠭᠤᠨ ᠤᠰᠤ ᠤᠤᠭᠤᠬᠤ᠂ ᠠᠮᠠᠷᠠᠬᠤ ᠵᠡᠷᠭᠡ ᠦᠢᠯᠡᠴᠢᠯᠡᠭᠡ ᠶᠢ ᠬᠠᠩᠭᠠᠵᠤ ᠴᠢᠳᠠᠨ᠎ᠠ᠃
ᠢᠷᠡᠯᠲᠡ᠄ ︽ᠦᠪᠦᠷ ᠮᠤᠩᠭᠤᠯ ᠤᠨ ᠮᠤᠩᠭᠤᠯ ᠷᠠᠳᠢᠤ᠋︾ ᠵᠢᠷᠬᠢᠶ᠎ᠡ ᠳᠠᠪᠴᠠᠩ