【ᠰᠦᠯᠵᠢᠶᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠭᠠᠷᠠᠭ】ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠶᠢᠨ ᠵᠢᠷᠭᠤᠭᠠᠨ ᠲᠤᠮᠤ ᠬᠠᠯᠠᠮᠰᠢᠯ ᠴᠡᠭ
ᠨᠡᠶᠢᠲᠡᠯᠡᠭᠰᠡᠨ ᠴᠠᠭ᠄
2023/9/12
        ᠬᠠᠯᠠᠮᠰᠢᠯ ᠴᠡᠭ ᠨᠢᠬᠡ᠄ ᠬᠤᠪᠢ ᠬᠦᠮᠦᠨ ᠤ ᠰᠤᠷᠠᠭ ᠵᠠᠩᠬᠢ ᠶᠢ ᠠᠷᠠᠯᠵᠢᠶᠠᠯᠠᠵᠤ ᠪᠤᠯᠬᠤ ᠦᠬᠡᠢ        ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠳᠤ ᠲᠤᠳᠤᠷᠬᠠᠢ ᠲᠤᠭᠳᠠᠭᠠᠬᠤ ᠳᠤ ᠪᠠᠨ᠄ ᠰᠦᠯᠵᠢᠶᠠᠨ ᠤ ᠪᠦᠳᠦᠬᠡᠭᠳᠡᠬᠦᠨ ᠪᠤᠯᠤᠨ ᠤᠶᠢᠯᠡᠴᠢᠯᠡᠭᠡ  ᠨᠢ ᠬᠡᠷᠡᠭᠯᠡᠭᠴᠢ ᠶᠢᠨ ᠰᠤᠷᠠᠭ ᠵᠠᠩᠬᠢ ᠶᠢ ᠴᠤᠭᠯᠠᠭᠤᠯᠬᠤ ᠴᠢᠳᠠᠪᠬᠢ ᠲᠠᠢ ᠪᠤᠯ ᠰᠤᠷᠠᠭ ᠵᠠᠩᠬᠢ ᠬᠠᠩᠭᠠᠭᠴᠢ ᠨᠢ ᠬᠡᠷᠡᠭᠯᠡᠭᠴᠢ ᠠᠴᠠ ᠢᠯᠡ ᠲᠤᠳᠤᠷᠬᠠᠢ ᠵᠦᠪᠰᠢᠶᠠᠷᠠᠯ ᠠᠪᠤᠭᠰᠡᠨ ᠪᠠᠶᠢᠬᠤ ᠬᠡᠷᠡᠭᠳᠠᠢ᠃ ᠰᠦᠯᠵᠢᠶ᠎ᠠ ᠡᠵᠡᠩᠨᠡᠭᠴᠢ ᠠᠴᠠ ᠬᠤᠪᠢ ᠬᠦᠮᠦᠨ ᠤ ᠰᠤᠷᠠᠭ ᠵᠠᠩᠬᠢ ᠶᠢ ᠵᠠᠳᠠᠷᠠᠭᠤᠯᠬᠤ᠂ ᠦᠬᠡᠷᠡᠴᠢᠯᠡᠬᠦ ᠪᠤᠶᠤ ᠡᠪᠳᠠᠵᠤ ᠪᠤᠯᠬᠤ ᠦᠬᠡᠢ᠃ ᠶᠠᠮᠠᠷᠪᠠ ᠬᠤᠪᠢ ᠬᠦᠮᠦᠨ ᠪᠠ ᠵᠤᠬᠢᠶᠠᠨ ᠪᠠᠶᠢᠭᠤᠯᠤᠯᠳᠠ ᠨᠢ ᠬᠤᠪᠢ ᠬᠦᠮᠦᠨ ᠤ ᠰᠤᠷᠠᠭ ᠵᠠᠩᠬᠢ ᠶᠢ ᠬᠤᠯᠠᠭᠠᠶᠢᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠪᠠᠷ ᠠᠪᠴᠦ᠂ ᠬᠠᠤᠯᠢ ᠪᠤᠰᠤ ᠪᠠᠷ ᠠᠷᠠᠯᠵᠢᠶᠠᠯᠠᠬᠤ ᠪᠤᠶᠤ ᠬᠠᠤᠯᠢ ᠪᠤᠰᠤ ᠪᠠᠷ ᠪᠤᠰᠤᠳ ᠲᠤ ᠬᠠᠩᠭᠠᠵᠤ ᠪᠤᠯᠬᠤ ᠦᠬᠡᠢ᠃ ᠡᠬᠦᠨ ᠤ ᠵᠡᠷᠬᠡᠪᠡᠷ ᠬᠠᠷᠠᠭᠠᠯᠵᠠᠭᠰᠡᠨ ᠬᠠᠤᠯᠢ ᠶᠢᠨ ᠬᠠᠷᠢᠭᠤᠴᠠᠯᠭ᠎ᠠ ᠶᠢ ᠲᠤᠭᠳᠠᠭᠠᠭᠰᠡᠨ ᠪᠠᠶᠢᠨ᠎ᠠ᠃       ᠬᠠᠯᠠᠮᠰᠢᠯ ᠴᠡᠭ ᠬᠤᠶᠠᠷ᠄ ᠰᠦᠯᠵᠢᠶᠠᠨ ᠤ ᠮᠡᠬᠡᠯᠡᠯ ᠳᠤ ᠬᠦᠴᠦᠳᠠᠢ ᠴᠤᠬᠢᠯᠳᠠ ᠦᠭᠬᠦᠨ᠎ᠠ       ᠬᠤᠪᠢ ᠬᠦᠮᠦᠨ ᠤ ᠰᠤᠷᠠᠭ ᠵᠠᠩᠬᠢ ᠵᠠᠳᠠᠷᠠᠬᠤ ᠶᠢ ᠴᠢᠩᠭ᠎ᠠ ᠰᠡᠷᠬᠡᠶᠢᠯᠡᠬᠦ ᠠᠴᠠ ᠭᠠᠳᠠᠨ᠎ᠠ᠂ ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠨᠢ ᠰᠢᠨ᠎ᠠ ᠬᠡᠯᠪᠡᠷᠢ ᠶᠢᠨ ᠲᠤᠤᠷ ᠰᠦᠯᠵᠢᠶᠠᠨ ᠤ ᠮᠡᠬᠡᠯᠡᠯ ᠲᠠᠰᠤᠷᠠᠯᠳᠠ ᠦᠬᠡᠢ ᠡᠬᠦᠰᠴᠦ ᠪᠠᠶᠢᠭ᠎ᠠ ᠪᠠᠶᠢᠳᠠᠯ ᠳᠤ ᠬᠠᠨᠳᠤᠭᠤᠯᠵᠤ ᠲᠤᠭᠳᠠᠭᠠᠭᠰᠡᠨ ᠨᠢ᠄ ᠶᠠᠮᠠᠷᠪᠠ ᠬᠤᠪᠢ ᠬᠦᠮᠦᠨ ᠪᠠ ᠵᠤᠬᠢᠶᠠᠨ ᠪᠠᠶᠢᠭᠤᠯᠤᠯᠳᠠ ᠨᠢ ᠮᠡᠬᠡᠯᠡᠯ ᠬᠢᠬᠦ᠂ ᠶᠠᠯ᠎ᠠ ᠬᠢᠬᠦ ᠠᠷᠭ᠎ᠠ ᠶᠢ ᠵᠢᠭᠠᠬᠤ ᠶᠢᠨ ᠲᠦᠯᠦᠬᠡ ᠪᠤᠶᠤ ᠬᠠᠤᠯᠢ ᠴᠠᠭᠠᠵᠠ ᠶᠢ ᠵᠦᠷᠢᠴᠡᠭᠰᠡᠨ ᠪᠦᠳᠦᠬᠡᠭᠳᠡᠬᠦᠨ᠂ ᠵᠠᠬᠢᠷᠤᠨ ᠬᠠᠮᠢᠶᠠᠷᠴᠦ ᠪᠠᠶᠢᠭ᠎ᠠ ᠪᠦᠳᠦᠬᠡᠭᠳᠠᠬᠦᠨ ᠢ ᠤᠶᠢᠯᠡᠳᠬᠦ᠂ ᠤᠷᠤᠯᠠᠭᠤᠯᠬᠤ ᠳᠤ ᠵᠤᠷᠢᠭᠤᠯᠤᠨ ᠬᠠᠤᠯᠢ ᠪᠤᠰᠤ ᠰᠦᠯᠵᠢᠶᠠᠨ ᠴᠡᠭ᠂ ᠴᠢᠮᠡᠭᠡ ᠬᠤᠯᠪᠤᠭᠠᠨ ᠤ ᠴᠤᠭᠯᠠᠷᠠᠯ ᠢ ᠪᠠᠶᠢᠭᠤᠯᠵᠤ ᠪᠤᠯᠬᠤ ᠦᠬᠡᠢ᠃  ᠲᠤᠤᠷ ᠰᠦᠯᠵᠢᠶ᠎ᠠ ᠶᠢ ᠠᠰᠢᠭᠯᠠᠨ ᠮᠡᠬᠡᠯᠡᠯ ᠢ ᠲᠠᠷᠬᠠᠭᠠᠬᠤ᠂ ᠮᠡᠬᠡᠯᠡᠬᠦ᠂ ᠴᠠᠭᠠᠵᠠ ᠶᠢ ᠵᠦᠷᠢᠴᠡᠭᠰᠡᠨ ᠪᠦᠳᠦᠬᠡᠭᠳᠡᠬᠦᠨ᠂ ᠵᠠᠬᠢᠷᠤᠨ ᠬᠠᠮᠢᠶᠠᠷᠴᠦ ᠪᠠᠶᠢᠭ᠎ᠠ ᠪᠦᠳᠦᠬᠡᠭᠳᠡᠬᠦᠨ ᠢ ᠤᠶᠢᠯᠡᠳᠬᠦ᠂ ᠪᠤᠷᠤᠯᠠᠭᠤᠯᠬᠤ ᠪᠤᠶᠤ ᠪᠤᠰᠤᠳ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠠᠪᠤᠭᠳᠠᠭᠤᠯᠵᠤ ᠪᠤᠯᠬᠤ ᠦᠬᠡᠢ᠃       ᠬᠠᠯᠠᠮᠰᠢᠯ ᠴᠡᠭ ᠭᠤᠷᠪᠠ᠄ ︽ᠲᠤᠤᠷ ᠰᠦᠯᠵᠢᠶᠠᠨ ᠤ ᠦᠨᠡᠨ ᠨᠡᠷ᠎ᠡ ᠪᠠᠷ ᠲᠠᠩᠰᠠᠯᠠᠭᠤᠯᠬᠤ ᠲᠦᠷᠢᠮ︾ ᠢ ᠬᠠᠤᠯᠢ ᠪᠠᠷ ᠲᠤᠳᠤᠷᠬᠠᠶᠢᠯᠠᠨ᠎ᠠ       ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠠᠴᠠ ︽ᠲᠤᠤᠷ ᠰᠦᠯᠵᠢᠶᠠᠨ ᠤ ᠦᠨᠡᠨ ᠨᠡᠷ᠎ᠡ ᠪᠠᠷ ᠲᠠᠩᠰᠠᠯᠠᠭᠤᠯᠬᠤ ᠲᠦᠷᠢᠮ︾ ᠢ ᠬᠠᠤᠯᠢ ᠪᠠᠷ ᠲᠤᠳᠤᠷᠬᠠᠶᠢᠯᠠᠵᠤ ᠲᠤᠭᠳᠠᠭᠠᠭᠰᠡᠨ ᠨᠢ᠄ ᠰᠦᠯᠵᠢᠶ᠎ᠠ ᠡᠵᠡᠩᠨᠡᠭᠴᠢ ᠬᠡᠷᠡᠭᠯᠡᠭᠴᠢ ᠳᠤ ᠰᠦᠯᠵᠢᠶ᠎ᠠ ᠵᠠᠯᠭᠠᠬᠤ᠂ ᠤᠷᠤᠨ ᠪᠠᠶᠢᠷᠢ ᠶᠢᠨ ᠨᠠᠷ᠎ᠠ ᠪᠠᠷ ᠲᠠᠩᠰᠠᠯᠠᠬᠤ ᠤᠶᠢᠯᠡᠴᠢᠯᠡᠭᠡ ᠬᠢᠬᠦ᠂ ᠲᠤᠭᠳᠠᠮᠠᠯ ᠤᠳᠠᠰᠤ ᠤᠭᠰᠠᠷᠠᠬᠤ᠂ ᠨᠡᠬᠦᠳᠠᠯ ᠤᠳᠠᠰᠤ ᠤᠭᠰᠠᠷᠠᠬᠤ ᠵᠡᠷᠬᠡ ᠰᠦᠯᠵᠢᠶ᠎ᠠ ᠵᠠᠯᠭᠠᠬᠤ ᠭᠠᠷ ᠬᠦᠢᠴᠡᠳᠬᠡᠯ ᠬᠢᠬᠦ᠂ ᠡᠰᠡᠬᠦᠯ᠎ᠠ ᠬᠡᠷᠡᠭᠯᠡᠭᠴᠢ ᠳᠤ ᠰᠤᠷᠠᠭ ᠴᠢᠮᠡᠭᠡ ᠨᠡᠶᠢᠳᠠᠯᠡᠬᠦ᠂ ᠲᠦᠷᠬᠡᠨ ᠬᠤᠯᠪᠤᠭ᠎ᠠ ᠨᠡᠪᠳᠡᠷᠡᠬᠦᠯᠬᠦ ᠵᠡᠷᠬᠡ ᠤᠶᠢᠯᠡᠴᠢᠯᠡᠭᠡ ᠬᠠᠩᠭᠠᠬᠤ ᠳᠤ ᠪᠠᠨ ᠬᠡᠷᠡᠭᠯᠡᠭᠴᠢ ᠶᠢᠨ ᠬᠤᠪᠢ ᠪᠡᠶ᠎ᠡ ᠶᠢᠨ ᠦᠨᠡᠨ ᠪᠤᠳᠠᠳᠠᠢ ᠰᠤᠷᠠᠭ ᠵᠠᠩᠬᠢ ᠪᠠᠨ ᠬᠠᠩᠭᠠᠬᠤ ᠶᠢ ᠱᠠᠭᠠᠷᠳᠠᠬᠤ ᠬᠡᠷᠡᠭᠳᠠᠢ᠃ ᠬᠡᠷᠪᠡ ᠬᠡᠷᠡᠭᠯᠡᠭᠴᠢ ᠦᠨᠡᠨ ᠪᠤᠳᠠᠳᠠᠢ ᠰᠤᠷᠠᠭ ᠵᠠᠩᠬᠢ ᠪᠠᠨ ᠬᠠᠩᠭᠠᠬᠤ ᠦᠬᠡᠢ ᠪᠤᠯ ᠰᠦᠯᠵᠢᠶ᠎ᠠ ᠡᠵᠡᠩᠨᠡᠭᠴᠢ ᠠᠴᠠ ᠲᠡᠬᠦᠨ ᠳᠤ ᠬᠠᠮᠢᠶ᠎ᠠ ᠪᠦᠬᠦᠢ ᠤᠶᠢᠯᠡᠴᠢᠯᠡᠭᠡ ᠬᠠᠩᠭᠠᠵᠤ ᠪᠤᠯᠬᠤ ᠦᠬᠡᠢ᠃       ᠬᠠᠯᠠᠮᠰᠢᠯ ᠴᠡᠭ ᠲᠦᠷᠪᠡ᠄ ᠵᠠᠩᠬᠢᠯᠠᠭ᠎ᠠ ᠶᠢᠨ ᠰᠤᠷᠠᠭ ᠵᠠᠩᠬᠢ ᠶᠢᠨ ᠰᠠᠭᠤᠷᠢ ᠲᠦᠬᠦᠬᠡᠷᠦᠮᠵᠢ ᠶᠢ ᠭᠤᠤᠯᠳᠠᠯᠭ᠎ᠠ ᠲᠠᠢ ᠬᠠᠮᠠᠭᠠᠯᠠᠨ᠎ᠠ       ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠳᠤ ᠵᠠᠩᠬᠢᠯᠠᠭ᠎ᠠ ᠶᠢᠨ ᠰᠤᠷᠠᠭ ᠵᠠᠩᠬᠢ ᠶᠢᠨ ᠰᠠᠭᠤᠷᠢ ᠲᠦᠬᠦᠬᠡᠷᠦᠮᠵᠢ ᠶᠢᠨ ᠠᠵᠢᠯᠯᠠᠭᠠᠨ ᠤ ᠠᠮᠦᠷ ᠲᠦᠪᠰᠢᠨ ᠳᠤ ᠴᠢᠭᠯᠡᠬᠦᠯᠵᠤ ᠲᠤᠰᠬᠠᠶᠢᠯᠠᠨ ᠲᠤᠭᠳᠠᠭᠠᠬᠤ ᠳᠤ ᠪᠠᠨ᠂ ᠤᠯᠤᠰ ᠠᠴᠠ ᠤᠯᠠᠨ ᠨᠡᠶᠢᠳᠠ ᠶᠢᠨ ᠴᠢᠮᠡᠭᠡ ᠨᠡᠪᠳᠡᠷᠡᠬᠦᠯᠬᠡ ᠪᠠ ᠰᠤᠷᠠᠭ ᠴᠢᠮᠡᠬᠡᠨ ᠤ ᠤᠶᠢᠯᠡᠴᠢᠯᠡᠭᠡ᠂ ᠡᠨᠧᠷᠬᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ᠂ ᠮᠦᠩᠬᠦᠨ ᠬᠦᠢᠯᠬᠡᠬᠡ᠂ ᠤᠯᠠᠨ ᠨᠡᠶᠢᠳᠠ ᠶᠢᠨ ᠤᠶᠢᠯᠡᠴᠢᠯᠡᠭᠡ᠂ ᠡᠯᠧᠺᠲᠷᠤᠨ ᠵᠠᠰᠠᠭ ᠤᠨ ᠶᠠᠪᠤᠳᠠᠯ ᠵᠡᠷᠬᠡ ᠴᠢᠬᠤᠯᠠ ᠠᠵᠢᠯ ᠲᠦᠷᠦᠯ ᠪᠤᠯᠤᠨ ᠬᠦᠷᠢᠶ᠎ᠠ ᠴᠠᠷ᠎ᠠ ᠳᠠᠬᠢ ᠵᠠᠩᠬᠢᠯᠠᠭ᠎ᠠ ᠶᠢᠨ ᠰᠤᠷᠠᠭ ᠵᠠᠩᠬᠢ ᠶᠢᠨ ᠰᠠᠭᠤᠷᠢ ᠲᠦᠬᠦᠬᠡᠷᠦᠮᠵᠢ ᠳᠤ ᠭᠤᠤᠯᠳᠠᠯᠭᠠᠳᠤ ᠬᠠᠮᠠᠭᠠᠯᠠᠯᠳᠠ ᠬᠢᠬᠦ ᠬᠡᠷᠡᠭᠳᠠᠢ ᠬᠡᠵᠡᠢ᠃      ᠬᠠᠯᠠᠮᠰᠢᠯ ᠴᠡᠭ ᠲᠠᠪᠤ᠄ ᠮᠠᠨ ᠤ ᠤᠯᠤᠰ ᠤᠨ ᠵᠠᠩᠬᠢᠯᠠᠭ᠎ᠠ ᠶᠢᠨ ᠰᠤᠷᠠᠭ ᠵᠠᠩᠬᠢ ᠶᠢᠨ ᠰᠠᠭᠤᠷᠢ ᠲᠦᠬᠦᠬᠡᠷᠦᠮᠵᠢ ᠳᠤ ᠡᠪᠳᠡᠯᠬᠡ ᠬᠢᠭᠰᠡᠨ ᠬᠢᠯᠢ ᠶᠢᠨ ᠭᠠᠳᠠᠨᠠᠬᠢ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠢ ᠶᠠᠯᠠᠯᠠᠨ ᠰᠢᠳᠬᠡᠨ᠎ᠠ      ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠳᠤ ᠲᠤᠭᠳᠠᠭᠠᠭᠰᠡᠨ ᠨᠢ ᠬᠢᠯᠢ ᠶᠢᠨ ᠭᠠᠳᠠᠨᠠᠬᠢ ᠬᠤᠪᠢ ᠬᠦᠮᠦᠨ ᠪᠠ ᠵᠤᠬᠢᠶᠠᠨ ᠪᠠᠶᠢᠭᠤᠯᠤᠯᠳᠠ ᠶᠢᠨ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠩᠬᠢᠯᠠᠭ᠎ᠠ ᠶᠢᠨ ᠰᠤᠷᠠᠭ ᠵᠠᠩᠬᠢ ᠶᠢᠨ ᠰᠠᠭᠤᠷᠢ ᠲᠦᠬᠦᠬᠡᠷᠦᠮᠵᠢ ᠶᠢ ᠲᠠᠭᠠᠷᠢᠬᠤ᠂ ᠲᠦᠷᠢᠬᠦ᠂ ᠬᠠᠷᠰᠢᠯᠠᠬᠤ᠂ ᠡᠪᠳᠡᠬᠦ ᠵᠡᠷᠬᠡ ᠠᠵᠢᠯᠯᠠᠭ᠎ᠠ ᠶᠠᠪᠤᠭᠳᠠᠭᠤᠯᠵᠤ᠂ ᠬᠦᠨᠳᠦ ᠰᠦᠷᠡᠬᠡᠢ ᠬᠤᠤᠷ ᠬᠦᠨᠦᠬᠡᠯ ᠤᠴᠠᠷᠠᠭᠤᠯᠤᠭᠰᠡᠨ ᠪᠤᠯ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠤᠰ ᠬᠤᠪᠢ ᠬᠦᠮᠦᠨ ᠪᠤᠶᠤ ᠵᠤᠬᠢᠶᠠᠨ ᠪᠠᠶᠢᠭᠤᠯᠤᠯᠳᠠ ᠳᠤ ᠡᠳ᠋ ᠬᠦᠷᠦᠩᠬᠡ ᠶᠢ ᠨᠢ ᠴᠡᠪᠳᠡᠭᠯᠡᠬᠦ ᠪᠤᠶᠤ ᠪᠤᠰᠤᠳ ᠰᠢᠢᠳᠬᠡᠯ ᠤᠨ ᠠᠷᠭ᠎ᠠ ᠬᠡᠮᠵᠢᠶ᠎ᠠ ᠬᠡᠷᠡᠭᠵᠢᠬᠦᠯᠬᠦ ᠶᠢ ᠲᠤᠭᠳᠠᠭᠠᠵᠤ ᠪᠤᠯᠤᠨ᠎ᠠ᠃      ᠬᠠᠯᠠᠮᠰᠢᠯ ᠴᠡᠭ ᠵᠢᠷᠭᠤᠭ᠎ᠠ᠄ ᠬᠡᠨᠡᠳᠳᠠ ᠶᠢᠨ ᠲᠤᠮᠤ ᠬᠡᠷᠡᠭ ᠤᠴᠢᠷ ᠢ ︽ᠲᠤᠤᠷ ᠰᠦᠯᠵᠢᠶᠠᠨ ᠤ ᠴᠢᠮᠡᠭᠡ ᠨᠡᠪᠳᠡᠷᠡᠬᠦᠯᠬᠡ ᠶᠢᠨ ᠬᠠᠮᠢᠶᠠᠷᠤᠯᠳᠠ ᠶᠢᠨ ᠲᠦᠷᠢᠮ︾ ᠢᠶᠠᠷ ᠰᠢᠢᠳᠪᠤᠷᠢᠯᠡᠨ᠎ᠠ      ᠲᠤᠤᠷ ᠰᠦᠯᠵᠢᠶᠠᠨ ᠤ ᠠᠮᠦᠷ ᠲᠦᠪᠰᠢᠨ ᠤ ᠬᠠᠤᠯᠢ ᠳᠤ᠂ ᠲᠤᠤᠷ ᠰᠦᠯᠵᠢᠶᠠᠨ ᠤ ᠠᠮᠦᠷ ᠲᠦᠪᠰᠢᠨ ᠢ ᠬᠢᠨᠠᠯᠳᠠ ᠲᠠᠯᠪᠢᠵᠤ ᠤᠷᠢᠳᠴᠢᠯᠠᠨ ᠰᠡᠷᠡᠮᠵᠢᠯᠡᠬᠦᠯᠬᠦ ᠪᠤᠯᠤᠨ ᠪᠠᠴᠢᠮ ᠢ ᠠᠷᠭᠠᠴᠠᠬᠤ ᠲᠦᠷᠢᠮ ᠢ ᠲᠤᠰᠬᠠᠶᠢᠯᠠᠨ ᠨᠢᠬᠡ ᠪᠦᠯᠦᠭ ᠪᠤᠯᠭᠠᠨ ᠲᠤᠭᠳᠠᠭᠠᠵᠤ᠂ ᠲᠤᠤᠷ ᠰᠦᠯᠵᠢᠶᠠᠨ ᠤ ᠠᠮᠦᠷ ᠲᠦᠪᠰᠢᠨ ᠤ ᠬᠡᠷᠡᠭ ᠤᠴᠢᠷ ᠡᠬᠦᠰᠬᠦ ᠦᠶᠡᠰ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠪᠬᠤ ᠵᠤᠬᠢᠰᠳᠠᠢ ᠠᠷᠭ᠎ᠠ ᠬᠡᠮᠵᠢᠶ᠎ᠠ ᠶᠢ ᠲᠤᠳᠤᠷᠬᠠᠶᠢᠯᠠᠭᠰᠡᠨ ᠪᠠᠶᠢᠨ᠎ᠠ᠃ ᠡᠬᠦᠨ ᠳᠤ ᠤᠨᠴᠠᠭᠠᠶᠢᠯᠠᠨ ᠲᠤᠭᠳᠠᠭᠠᠭᠰᠡᠨ ᠨᠢ᠄  ᠤᠯᠤᠰ ᠤᠨ ᠠᠮᠦᠷ ᠲᠦᠪᠰᠢᠨ ᠪᠠ ᠨᠡᠶᠢᠬᠡᠮ ᠨᠡᠶᠢᠳᠠ ᠶᠢᠨ ᠡᠮᠬᠢ ᠲᠢᠭᠯᠢᠮ ᠢ ᠬᠠᠮᠠᠭᠠᠯᠠᠬᠤ ᠶᠢᠨ ᠲᠤᠰᠠᠳᠠ᠂ ᠬᠡᠨᠡᠳᠳᠠ ᠶᠢᠨ ᠲᠤᠮᠤ ᠨᠡᠶᠢᠬᠡᠮ  ᠤᠨ ᠠᠮᠦᠷ ᠲᠦᠪᠰᠢᠨ ᠤ ᠬᠡᠷᠡᠭ ᠤᠴᠢᠷ ᠢ ᠰᠢᠢᠳᠪᠤᠷᠢᠯᠡᠬᠦ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠰᠢᠢᠳᠪᠤᠷᠢ ᠭᠠᠷᠭᠠᠬᠤ ᠪᠤᠶᠤ ᠵᠦᠪᠰᠢᠶᠡᠷᠡᠭᠰᠡᠨ ᠤ ᠲᠠᠷᠠᠭ᠎ᠠ᠂ ᠲᠤᠭᠳᠠᠭᠰᠡᠨ ᠭᠠᠵᠡᠷ ᠤᠷᠤᠨ ᠤ ᠲᠤᠤᠷ ᠰᠦᠯᠵᠢᠶᠠᠨ ᠤ ᠴᠢᠮᠡᠭᠡ ᠨᠡᠪᠳᠡᠷᠡᠯᠬᠡ ᠶᠢ ᠬᠢᠵᠠᠭᠠᠷᠯᠠᠬᠤ ᠵᠡᠷᠬᠡ ᠲᠦᠷ ᠴᠠᠭ ᠤᠨ ᠠᠷᠭ᠎ᠠ ᠬᠡᠮᠵᠢᠶ᠎ᠠ ᠶᠢ ᠠᠪᠴᠦ ᠪᠤᠯᠤᠨ᠎ᠠ᠃  
ᠢᠷᠡᠯᠲᠡ᠄ ᠳᠤᠰ ᠰᠦᠯᠵᠢᠶ᠎ᠡ