ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
     9 ᠰᠠᠷ᠎ᠠ ᠶᠢᠨ 12 ᠤᠨ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠰᠬᠠᠢ ᠰᠡᠳᠦᠪᠳᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠤᠷᠭᠠᠨ ᠭᠦᠮᠦᠵᠢᠯ ᠤᠨ ᠭᠦᠷᠢᠶ᠎ᠠ ᠴᠠᠷ᠎ᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠲᠡᠩᠴᠡᠭᠦᠷᠢᠳᠠᠢ ᠭᠦᠭᠵᠢᠯᠳᠠ ᠶᠢ ᠠᠭᠢᠭᠤᠯᠬᠤ ᠬᠠᠮᠢᠶ᠎ᠠ ᠪᠦᠭᠦᠢ ᠠᠵᠢᠯ ᠢ ᠰᠤᠳᠤᠯᠵᠤ᠂ ᠭᠠᠵᠠᠷ ᠰᠤᠩᠭᠤᠬᠤ᠂ ᠭᠠᠵᠠᠷ ᠭᠡᠷᠡᠭᠯᠡᠬᠦ᠂ ᠲᠦᠯᠦᠪᠵᠢᠭᠦᠯᠭᠡ ᠵᠡᠷᠭᠡ ᠲᠠᠯ᠎ᠠ ᠪᠠᠷ ᠰᠢᠢᠳᠪᠤᠷᠢᠯᠡᠭᠦ ᠴᠢᠬᠤᠯᠠᠳᠠᠢ ᠠᠰᠠᠭᠤᠳᠠᠯ ᠤᠨ ᠲᠤᠭᠤᠷᠢᠨ ᠳᠤ  ᠨᠢᠬᠡ ᠨᠢᠭᠡ ᠪᠠᠷ ᠵᠠᠳᠠᠯᠤᠨ ᠰᠤᠳᠤᠯᠬᠤ ᠶᠢᠨ ᠬᠠᠮᠳᠤ ᠠᠵᠢᠯ ᠤᠨ ᠰᠡᠳᠭᠢᠮᠵᠢ ᠪᠠ ᠰᠢᠢᠳᠪᠤᠷᠢᠯᠡᠭᠦ ᠲᠦᠰᠦᠯ ᠢ ᠲᠤᠷᠠᠳᠪᠠ᠃     ᠬᠠᠨ ᠲᠤᠤ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ  ᠪᠤᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠰᠤᠷᠭᠠᠨ ᠬᠥᠮᠦᠵᠢᠯ ᠤᠨ ᠳ᠋ᠦᠩᠱᠧᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩᠭ᠎ᠠ ᠬᠦᠴᠦᠲᠡᠶ ᠬᠠᠷᠢᠭᠤᠴᠠᠯᠭ᠎ᠠ ᠪᠠ ᠡᠭᠦᠷᠭᠡᠯᠡᠯ ᠢᠶᠠᠷ ᠰᠤᠷᠭᠠᠨ ᠬᠥᠮᠦᠵᠢᠯ ᠤᠨ ᠬᠦᠷᠢᠶᠡᠨ ᠳᠠᠬᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠵᠠᠳᠠᠯᠤᠨ ᠰᠤᠳᠤᠯᠵᠤ ᠮᠠᠭᠠᠳᠯᠠᠬᠤ ᠪᠠᠨ  ᠴᠢᠩᠭᠠᠳᠬᠠᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠨᠳᠤᠰᠢ᠂ ᠬᠥᠭᠵᠢᠯᠲᠡ ᠶᠢᠨ ᠬᠡᠪᠴᠢᠶ᠎ᠡ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠠᠷᠭᠠᠴᠠᠬᠤ ᠠᠷᠭ᠎ᠠ ᠪᠣᠳᠣᠯᠭ᠎ᠠ ᠶᠢ ᠪᠣᠳᠠᠲᠠᠶ ᠰᠦᠪᠡᠭᠴᠢᠯᠡᠨ᠂ ᠠᠰᠠᠭᠤᠳᠠᠯ ᠢ ᠰᠢᠢᠳᠪᠤᠷᠢᠯᠡᠨ ᠬᠥᠭᠵᠢᠯᠲᠡ ᠶᠢ ᠠᠬᠢᠭᠤᠯᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠭᠲᠠᠭᠠᠵᠤ᠂ ᠳᠤᠲᠠᠭᠤᠳᠠᠯ ᠢᠶᠠᠨ ᠨᠦᠬᠦᠪᠦᠷᠢᠯᠡᠨ᠂ ᠪᠠᠭᠤᠷᠠᠶ ᠲᠠᠯ᠎ᠠ ᠪᠠᠨ ᠳᠡᠭᠡᠭᠰᠢᠯᠡᠭᠦᠯᠵᠦ᠂ ᠶᠠᠰᠤ ᠴᠢᠨᠠᠷ ᠢᠶᠠᠨ ᠴᠢᠩᠭᠠᠳᠬᠠᠨ᠂ ᠠᠵᠢᠯ ᠤᠨ ᠰᠡᠳᠬᠢᠴᠡ ᠪᠠᠨ ᠲᠠᠰᠤᠷᠠᠯᠲᠠ ᠥᠬᠡᠶ ᠰᠢᠨᠡᠴᠢᠯᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠲᠥᠷᠥᠯ ᠵᠦᠢᠯ ᠢ ᠠᠬᠢᠭᠤᠯᠬᠤ ᠶᠢ ᠴᠢᠩᠭᠠᠳᠬᠠᠨ᠂ ᠲᠥᠷᠥᠯ ᠵᠦᠢᠯ ᠢ ᠲᠣᠭᠲᠠᠭᠠᠬᠤ᠂ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠵᠡᠷᠭᠡ ᠭᠤᠤᠯᠳᠠᠯᠭ᠎ᠠ ᠲᠠᠢ ᠭᠠᠷ ᠬᠦᠢᠴᠡᠳᠬᠡᠯ ᠰᠢᠢᠳᠪᠤᠷᠢᠯᠡᠬᠦ ᠶᠢ ᠴᠢᠩᠭ᠎ᠠ ᠠᠩᠬᠠᠷᠴᠤ᠂ ᠡᠭᠦᠷᠭᠡ ᠶᠢᠨ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠨᠢᠭᠡᠳᠦᠭᠡᠷ ᠹᠷᠣᠨᠲ ᠤᠨ ᠲᠣᠬᠢᠷᠠᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠰᠠᠭᠤᠷᠢ ᠲᠦᠬᠦᠬᠡᠷᠦᠮᠵᠢ  ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠬᠦ ᠬᠡᠷᠡᠭᠲᠡᠶ᠃ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠨᠡᠶᠢᠭᠡᠮ ᠤᠨ ᠬᠦᠴᠦᠨ ᠢ ᠭᠦᠢᠴᠡᠳ ᠲᠠᠶᠢᠴᠢᠯᠠᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠤᠯᠠᠨ ᠵᠤᠶᠢᠯ ᠤᠨ ᠠᠷᠭ᠎ᠠ ᠪᠠᠷ ᠪᠡᠯᠡ ᠮᠥᠩᠭᠦ ᠴᠤᠭᠯᠠᠭᠤᠯᠵᠤ ᠰᠤᠷᠭᠠᠨ ᠬᠥᠮᠦᠵᠢᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠴᠡᠭ ᠢ ᠲᠤᠳᠤᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠡᠯ᠎ᠡ ᠵᠦᠢᠯ ᠤᠨ ᠠᠵᠢᠯ ᠢ ᠦᠨᠡᠨᠬᠦ ᠤᠷᠤᠬᠰᠢ ᠪᠣᠳᠠᠲᠠᠢ ᠪᠠᠷ ᠠᠬᠢᠭᠤᠯᠵᠤ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠴᠢᠨᠠᠷ ᠰᠠᠶᠢᠲᠠᠢ ᠬᠥᠭᠵᠢᠯᠲᠡ ᠶᠢ ᠡᠷᠡᠰ ᠬᠦᠴᠦᠲᠡᠢ ᠠᠬᠢᠭᠤᠯᠬᠤ ᠬᠡᠷᠡᠭᠲᠡᠢ ᠬᠡᠵᠡᠢ᠃
ᠢᠷᠡᠯᠲᠡ᠄ ᠳᠤᠰ ᠰᠦᠯᠵᠢᠶ᠎ᠡ