︽ᠤᠯᠤᠰ ᠤᠨ ᠬᠡᠦᠬᠡᠳ︾ ᠭᠡᠬᠦ ᠲᠣᠮᠣ ᠬᠡᠯᠪᠡᠷᠢ ᠶᠢᠨ ᠬᠡᠦᠬᠡᠳ ᠤᠨ ᠲᠠᠶᠢᠰᠠᠨ ᠤ ᠵᠦᠴᠦᠭᠡ ᠣᠷᠳᠣᠰ ᠲᠢᠶᠠᠲᠷ ᠲᠤ ᠠᠮᠵᠢᠯᠲᠠ ᠲᠠᠢ ᠪᠠᠷ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2023/9/15
4.1.jpg
   9 ᠰᠠᠷ᠎ᠠ ᠶᠢᠨ 15 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠵᠢᠴᠢ ᠪᠡᠭᠡᠵᠢᠩ ᠤᠨ ᠤᠷᠠᠨ ᠰᠠᠶᠢᠬᠠᠨ ᠤ ᠲᠣᠭᠯᠠᠯᠲᠠ ᠶᠢᠨ ᠪᠦᠯᠦᠭᠯᠡᠯ ᠤᠨ ᠬᠠᠮᠲᠤᠷᠠᠨ ᠦᠢᠯᠡᠳᠦᠭᠰᠡᠨ ︽ᠤᠯᠤᠰ ᠤᠨ ᠬᠡᠦᠬᠡᠳ︾ ᠭᠡᠬᠦ ᠲᠣᠮᠣ ᠬᠡᠯᠪᠡᠷᠢ ᠶᠢᠨ ᠬᠡᠦᠬᠡᠳ ᠤᠨ ᠲᠠᠶᠢᠰᠠᠨ ᠤ ᠵᠦᠴᠦᠭᠡ ᠣᠷᠳᠣᠰ ᠦᠷᠳᠡᠭᠡ ᠳᠤ ᠢᠷᠡᠨ᠂ ᠣᠷᠳᠣᠰ ᠲᠢᠶᠠᠲᠷ ᠲᠤ ᠠᠮᠵᠢᠯᠲᠠ ᠲᠠᠢ ᠪᠠᠷ ᠲᠤᠭᠯᠠᠯᠳᠠ ᠭᠠᠷᠭᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠭᠯᠠᠯᠲᠠ 80 ᠮᠢᠨᠦ᠋ᠲ ᠦᠷᠭᠦᠯᠵᠢᠯᠡᠵᠦ᠂ ᠲᠤᠬᠠᠢ ᠶᠢᠨ ᠲᠠᠯᠠᠪᠤᠷ ᠲᠤ ᠬᠤᠲᠠ ᠶᠢᠨ ᠰᠢᠭᠤᠳ ᠬᠠᠷᠢᠶ᠎ᠠ ᠪᠠ ᠲᠤᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ ᠨᠠᠷ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠲᠦᠯᠦᠬᠡᠯᠡᠭᠴᠢᠳ᠂ ᠳ᠋ᠦᠩᠱᠧᠩ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠵᠢᠴᠢ ᠬᠤᠲᠠ ᠶᠢᠨ ᠠᠷᠠᠳ ᠤᠨ ᠦᠵᠡᠭᠴᠢᠳ ᠨᠡᠶᠢᠲᠡ 1100 ᠭᠠᠷᠤᠢ ᠬᠥᠮᠥᠨ ᠲᠤᠭᠯᠠᠯᠳᠠ ᠶᠢ ᠰᠣᠨᠢᠷᠬᠠᠵᠠᠢ᠃
 
ᠢᠷᠡᠯᠲᠡ᠄ ᠳᠤᠰ ᠰᠦᠯᠵᠢᠶ᠎ᠡ