︽ᠪᠣᠯᠪᠠᠰᠤᠨ +︾— ︽ᠵᠣᠯ ᠵᠢᠷᠭᠠᠯ +︾
ᠨᠡᠶᠢᠲᠡᠯᠡᠭᠰᠡᠨ ᠴᠠᠭ᠄
2023/9/16
                             ᠪᠦᠬᠦ ᠣᠷᠣᠨ ᠪᠦᠰᠡ ᠪᠠᠷ ᠢᠶᠠᠨ ᠬᠠᠮᠲᠤᠪᠠᠷ ᠡᠭᠦᠳᠴᠦ ᠬᠠᠮᠲᠤᠪᠠᠷ ᠠᠬᠢᠭᠤᠯᠤᠨ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠭᠰᠡᠨ ᠣᠷᠣᠨ ᠰᠠᠭᠤᠴᠠ ᠶᠢᠨ ᠣᠷᠴᠢᠨ ᠲᠣᠭᠤᠷᠢᠨ ᠨᠢ ᠬᠤᠳᠠ ᠶᠢᠨ ᠳᠦᠷᠢ ᠲᠥᠷᠬᠦ ᠶᠢ ᠰᠠᠶᠢᠵᠢᠷᠠᠭᠤᠯᠵᠤ᠂ ᠤᠯᠠᠨ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠬᠤᠳᠠ ᠶᠢ ᠨᠡᠩ ᠪᠣᠯᠪᠠᠰᠤᠨ ᠪᠤᠯᠭᠠᠵᠤ ᠪᠠᠶᠢᠨ᠎ᠠ᠃    ᠪᠤᠷᠵᠠᠩᠨᠠᠭᠤᠷ ᠪᠠᠯᠭᠠᠰᠤ    ᠤᠯᠠᠨ ᠲᠦᠮᠡᠨ ᠤ ᠵᠣᠷᠯᠣᠩ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠠᠮᠢᠳᠤᠷᠠᠯ ᠣᠷᠣᠨ ᠰᠠᠭᠤᠴᠠ ᠶᠢᠨ ᠨᠥᠬᠦᠴᠡᠯ ᠢ ᠦᠨᠡᠨᠬᠦ ᠰᠠᠶᠢᠵᠢᠷᠠᠭᠤᠯᠬᠤ ᠶᠢᠨ ᠲᠥᠯᠥᠭᠡ᠂  ᠪᠤᠷᠵᠠᠩᠨᠠᠭᠤᠷ ᠪᠠᠯᠭᠠᠰᠤ ᠶᠢᠨ  ᠬᠢᠨ ᠤᠰᠤ ᠪᠠᠷ ᠤᠬᠢᠶᠠᠬᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ ᠡᠨᠡ ᠵᠢᠯ᠂ ᠪᠤᠷᠵᠠᠩᠨᠠᠭᠤᠷ ᠪᠠᠯᠭᠠᠰᠤ 80 ᠲᠦᠮᠡᠨ ᠲᠥᠭᠦᠷᠢᠭ ᠤᠨ ᠪᠡᠯᠡ ᠣᠷᠣᠭᠤᠯᠵᠤ ᠬᠠᠢ ᠫᠠᠨ ᠲᠣᠰᠬᠤᠨ ᠳᠤ ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ 2 ᠪᠠᠶᠢᠭᠤᠯᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠵᠣᠷᠯᠣᠩ ᠤᠨ ᠦᠢᠯᠡᠴᠢᠯᠡᠭᠡ ᠶᠢ ᠶᠡᠬᠡᠪᠡᠷ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠪᠠ᠃
1.1.jpg
    ᠴᠡᠴᠡᠷᠯᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ    ᠣᠶᠢᠷ᠎ᠠ ᠳᠤ᠂ ᠴᠡᠴᠡᠷᠯᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠬᠠᠶᠢᠷ᠎ᠠ ᠬᠠᠯᠠᠮᠵᠢᠳᠤ ᠭᠡᠷ ᠪᠦᠯᠢ ᠶᠢᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ ᠬᠠᠮᠲᠤᠷᠠᠨ ︽ᠪᠤᠯᠪᠠᠰᠤᠨ ᠰᠠᠶᠢᠨ ᠳᠤᠷ᠎ᠠ ᠶᠢᠨ ᠤᠶᠢᠯᠡᠴᠢᠯᠡᠭᠡ ᠶᠢ ᠪᠢ ᠤᠷᠢᠳᠠᠪᠡᠷ ᠤᠶᠢᠯᠡᠳᠦᠯᠬᠡᠵᠢᠬᠦᠯᠦᠨ᠎ᠠ︾ ᠬᠡᠬᠦ ᠠᠷᠢᠭᠤᠨ ᠴᠡᠪᠡᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠡᠨᠡ ᠤᠳᠠᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠭᠤᠶᠣᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠰᠠᠶᠢᠨ ᠲᠤᠷᠠᠴᠤᠤᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ ᠪᠣᠯᠣᠨ ᠬᠤᠪᠢ ᠨᠡᠮᠡᠷᠢ ᠦᠵᠡᠭᠦᠯᠬᠦ ᠤᠬᠠᠮᠰᠠᠷ ᠢ ᠴᠢᠩᠭᠠᠳᠬᠠᠵᠤ ᠤᠯᠠᠨ ᠢᠶᠠᠷ ᠢᠶᠠᠨ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠲᠤᠷᠠᠴᠤᠤᠯ ᠤᠨ ᠵᠣᠷᠢᠭ ᠰᠠᠨᠠᠭ᠎ᠠ ᠶᠢ ᠤᠶᠢᠯᠡᠳᠦᠯᠬᠡᠵᠢᠬᠦᠯᠪᠠ᠃
1.2.jpg
    ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ    ᠣᠶᠢᠷ᠎ᠠ ᠳᠤ᠂ ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠲᠡᠷᠭᠡ ᠵᠣᠭᠰᠣᠬᠤ ᠪᠠᠶᠢᠷᠢ ᠶᠢ ᠬᠤᠪᠢᠶᠠᠷᠢᠯᠠᠬᠤ᠂ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠨᠡᠮᠡᠬᠦ᠂ ᠴᠠᠬᠢᠯᠭᠠᠨ ᠴᠡᠨᠡᠭᠯᠡᠬᠦ ᠲᠡᠷᠭᠡᠨ ᠰᠠᠷᠠᠪᠴᠢ ᠨᠡᠮᠡᠬᠦ ᠵᠡᠷᠭᠡ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠪᠠ ᠪᠣᠳᠠᠲᠠᠢ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠰᠠᠭᠤᠭᠠᠯᠢ ᠠᠷᠠᠳ ᠲᠤ ᠪᠣᠯᠪᠠᠰᠤᠨ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠤᠯᠭᠠᠪᠠ᠃
1.3.jpg
    ᠨᠡᠬᠡᠮᠡᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠪᠣᠬᠢᠷᠲᠤᠯ ᠦᠭᠡᠢ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ ᠪᠣᠯᠪᠠᠰᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠬᠤ ᠶᠢᠨ ᠲᠥᠯᠥᠭᠡ᠂ ᠣᠶᠢᠷ᠎ᠠ ᠳᠤ᠂ ᠨᠡᠬᠡᠮᠡᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠤᠤ ᠯᠢᠨ ᠬᠤᠸᠠ ᠶᠤᠸᠠᠨ B ᠲᠣᠭᠤᠷᠢᠭ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠢᠶᠠᠷ ᠣᠷᠣᠯᠴᠠᠵᠤ᠂ ᠤᠬᠠᠮᠰᠠᠷ ᠠᠴᠠ ᠪᠠᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶᠪᠣᠯᠭᠠᠪᠠ᠃
1.4.jpg
    ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ    ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠠᠨᠠᠭᠠᠴᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠤ ᠠᠮᠢᠳᠤᠷᠠᠯ ᠤᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠬᠠᠷᠢᠶ᠎ᠠ ᠤᠷᠤᠨ ᠤ ᠴᠢᠨ ᠾᠧᠩ ᠰᠠᠭᠤᠭᠠᠯᠢ ᠲᠣᠭᠤᠷᠢᠭ ᠤᠨ ᠡᠷᠡᠭᠦᠯ ᠰᠠᠷᠠᠭᠤᠯ ᠵᠢᠵᠢᠭ ᠦᠷᠦᠭᠡ ᠳᠤ ︽ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠶᠢ ᠣᠷᠣᠭᠤᠯᠤᠨ ᠠᠷᠠᠳ ᠤᠯᠠᠨ ᠳᠤ ᠦᠢᠯᠡᠴᠢᠯᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠠᠷᠠᠳ ᠲᠤ ᠬᠦᠷᠬᠡᠬᠦ᠂ ᠰᠠᠭᠤᠭᠠᠯᠢ ᠠᠷᠠᠳ ᠤᠨ ᠡᠭᠦᠳᠡᠨ ᠳᠤ ᠬᠦᠷᠬᠡᠨ ᠤᠶᠢᠯᠡᠴᠢᠯᠡᠵᠡᠢ᠃    ᠦᠬᠡᠯᠦᠨ ᠵᠡᠭᠡᠯᠢ ᠶᠢᠨ ᠬᠡᠷᠡᠭ ᠡᠷᠬᠢᠯᠡᠬᠦ ᠭᠠᠵᠡᠷ    ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠶᠢᠨ ᠲᠥᠯᠥᠭᠡ᠂ ᠦᠬᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠳ᠋ᠦᠩᠱᠧᠩ ᠲᠣᠭᠤᠷᠢᠭ ᠤᠨ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠢᠳᠡᠪᠬᠢᠲᠡᠢ ᠪᠠᠷ ᠬᠠᠷᠢᠯᠴᠠᠵᠤ᠂ ᠶᠢᠰᠦᠳᠦᠬᠡᠷ ᠪᠠᠭ᠎ᠠ ᠰᠤᠷᠭᠠᠭᠤᠯᠢ ᠶᠢᠨ ᠪᠠᠶᠢᠰᠢᠩ ᠤᠨ ᠰᠠᠭᠤᠭᠠᠠᠯᠢ ᠲᠣᠭᠤᠷᠢᠭ ᠲᠤ 6 ᠵᠠᠮ ᠤᠨ ᠳ᠋ᠧᠩ ᠲᠠᠭᠠᠷᠠᠭᠤᠯᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠭᠡᠷ ᠲᠡᠭᠡᠨ ᠬᠠᠷᠢᠬᠤ ᠵᠠᠮ ᠢ ᠭᠡᠷᠡᠯᠲᠦᠭᠦᠯᠵᠡᠶ᠃ 
ᠢᠷᠡᠯᠲᠡ᠄ ᠳᠤᠰ ᠰᠦᠯᠵᠢᠶ᠎ᠡ