ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠴᠤᠭᠴᠠᠯᠠᠬᠤ ᠥᠪᠡᠷᠮᠢᠴᠡ ᠣᠨᠴᠠᠯᠢᠭ ᠪᠦᠬᠦᠢ ᠠᠵᠢᠯᠯᠠᠭ᠎ᠠ ᠳ᠋ᠦᠩᠱᠧᠩ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/9/16
3.1.jpg
    9 ᠰᠠᠷ᠎ᠠ ᠶᠢᠨ 15 ᠤ ᠡᠳᠦᠷ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠴᠤᠭᠴᠠᠯᠠᠬᠤ ᠥᠪᠡᠷᠮᠢᠴᠡ ᠣᠨᠴᠠᠯᠢᠭ ᠪᠦᠬᠦᠢ ᠠᠵᠢᠯᠯᠠᠭ᠎ᠠ ᠳ᠋ᠦᠩᠱᠧᠩ ᠲᠣᠭᠤᠷᠢᠭ ᠤᠨ ᠮᠤᠩᠭᠤᠯ ᠦᠨᠳᠦᠰᠦᠳᠡᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠲᠤ ᠶᠠᠪᠤᠭᠳᠠᠪᠠ᠃ ᠠᠵᠢᠯᠯᠠᠭ᠎ᠠ ᠶᠢᠨ ᠳᠤᠮᠳᠠ ᠪᠠᠭᠰᠢ ᠪᠣᠯᠣᠨ ᠪᠢᠴᠢᠬᠠᠨ ᠨᠠᠶᠢᠵᠠ ᠨᠠᠷ ᠡᠯ᠎ᠡ ᠦᠨᠳᠦᠰᠦᠲᠡᠨ ᠤ ᠨᠠᠭᠠᠳᠤᠮ ᠲᠣᠭᠯᠠᠭᠠᠮ ᠢ ᠤᠶᠢᠯᠠᠭᠠᠵᠤ᠂ ᠮᠣᠩᠭᠤᠯ ᠦᠨᠳᠦᠰᠦᠲᠡᠨ ᠤ ᠪᠥᠬᠡ ᠪᠠᠷᠢᠯᠳᠤᠬᠤ᠂ ᠠᠷᠭᠠᠯ ᠲᠡᠭᠦᠬᠦ᠂ ᠮᠠᠨᠵᠤ ᠦᠨᠳᠦᠰᠦᠲᠡᠨ ᠤ ᠲᠡᠮᠦᠷ ᠭᠠᠷᠠᠬ᠎ᠠ ᠥᠩᠬᠦᠷᠢᠭᠦᠯᠬᠦ᠂ ᠮᠢᠶᠣᠣ ᠦᠨᠳᠦᠰᠦᠲᠡᠨ ᠤ ᠬᠥᠯ ᠭᠢᠰᠬᠢᠬᠦ᠂ ᠪᠠᠰᠠ ᠥᠨᠳᠥᠷ ᠮᠣᠳᠣᠨ ᠬᠦᠯ ᠢᠶᠠᠷ ᠶᠠᠪᠤᠬᠤ᠂ ᠮᠣᠷᠢ ᠤᠷᠤᠯᠳᠤᠬᠤ᠂ ᠬᠡᠭᠡᠷ᠎ᠡ ᠶᠢᠨ ᠭᠠᠭ᠋ᠠᠢ ᠲᠠᠭᠤᠬᠤ ᠵᠡᠷᠭᠡ ᠰᠣᠨᠢᠷᠬᠠᠯᠲᠠᠢ ᠲᠣᠭᠯᠠᠭᠠᠮ ᠤᠳ ᠨᠢ ᠬᠡᠦᠬᠡᠳ ᠲᠤ ᠪᠠᠶᠠᠷ ᠪᠠᠶᠠᠰᠤᠯ ᠬᠦᠷ ᠬᠦᠭᠵᠢᠶᠠᠨ ᠢ ᠠᠪᠴᠢᠷᠠᠵᠤ᠂ ᠦᠨᠳᠦᠰᠦᠲᠡᠨ ᠤ  ᠤᠨᠴᠠᠯᠢᠭᠳᠤ ᠡᠯ᠎ᠡ ᠵᠤᠶᠢᠯ ᠤᠨ ᠲᠣᠭᠯᠠᠭᠠᠮ ᠢ ᠬᠡᠤᠬᠡᠳ ᠤᠳ ᠲᠤ ᠪᠡᠶᠡᠴᠢᠯᠡᠨ ᠤᠶᠢᠯᠠᠭᠠᠭᠤᠯᠤᠭᠰᠡᠨ ᠪᠠᠶᠢᠨ᠎ᠠ᠃ 
 
ᠢᠷᠡᠯᠲᠡ᠄ ᠲᠤᠰ ᠰᠦᠯᠵᠢᠶ᠎ᠠ