ᠳ᠋ᠦᠩᠱᠧᠩ ᠲᠣᠭᠤᠷᠢᠭ ᠲᠤ 2023 ᠣᠨ ᠤ ᠨᠠᠮᠤᠷ ᠤᠨ ᠤᠯᠠᠷᠢᠯ ᠤᠨ ᠰᠢᠨ᠎ᠡ ᠴᠡᠷᠢᠭ ᠢ ᠮᠣᠷᠳᠠᠭᠤᠯᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/9/17
5.2.jpg
   9 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠲᠤ 2023 ᠣᠨ ᠤ ᠨᠠᠮᠤᠷ ᠤᠨ ᠤᠯᠠᠷᠢᠯ ᠤᠨ ᠰᠢᠨ᠎ᠡ ᠴᠡᠷᠢᠭ ᠢ ᠮᠣᠷᠳᠠᠭᠤᠯᠬᠤ ᠶᠡᠭᠡ ᠬᠤᠷᠠᠯ ᠬᠢᠪᠡ᠃ ᠰᠢᠨ᠎ᠡ ᠴᠡᠷᠢᠭ ᠤᠳᠠᠯ ᠦᠭᠡᠢ ᠢᠷᠠᠭᠤ ᠠᠯᠳᠠᠷᠲᠤ ᠴᠡᠷᠢᠭ ᠠᠩᠭᠢ ᠶᠢᠨ ᠠᠮᠢᠳᠤᠷᠠᠯ ᠢᠶᠠᠨ ᠡᠬᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠬᠢᠵᠢᠭᠦᠯᠬᠦ᠂ ᠡᠬᠡ ᠤᠯᠤᠰ ᠢᠶᠠᠨ ᠬᠠᠮᠠᠭᠠᠯᠠᠬᠤ᠂ ᠠᠷᠠᠳ ᠲᠦᠮᠡᠨ ᠢᠶᠠᠨ ᠬᠠᠮᠠᠭᠠᠯᠠᠬᠤ ᠲᠠᠷᠬᠠᠨ ᠡᠭᠦᠷᠭᠡ ᠶᠢ ᠡᠭᠦᠷᠭᠡᠯᠡᠬᠦ ᠪᠤᠯᠤᠨ᠎ᠠ᠃ ᠴᠡᠷᠢᠭ ᠡᠯᠰᠡᠬᠦ ᠠᠵᠢᠯ ᠡᠬᠢᠯᠡᠭᠰᠡᠨ ᠠᠴᠠ ᠨᠠᠰᠢ᠂ ᠳ᠋ᠦᠩᠱᠧᠩ ᠲᠣᠭᠤᠷᠢᠭ ᠤᠨ ᠥᠷᠭᠡᠨ ᠤᠯᠠᠨ ᠵᠠᠯᠠᠭᠤᠴᠤᠳ ᠢᠳᠡᠪᠬᠢᠲᠡᠢ ᠪᠠᠷ ᠨᠡᠷ᠎ᠡ ᠮᠡᠳᠡᠭᠦᠯᠵᠦ᠂ ᠴᠢᠩᠭ᠎ᠠ ᠨᠢᠮᠪᠠᠢ ᠪᠡᠶ᠎ᠡ ᠶᠢᠨ ᠪᠠᠶᠢᠴᠠᠭᠠᠯᠲᠠ᠂ ᠱᠠᠲᠤ ᠱᠠᠲᠤ  ᠶᠢᠨ ᠤᠯᠤᠰ ᠲᠦᠷᠦ ᠶᠢᠨ ᠬᠢᠨᠠᠨ ᠰᠢᠯᠭᠠᠯᠲᠠ ᠪᠠᠷ ᠳᠠᠮᠵᠢᠨ᠂ ᠨᠢᠭᠡ ᠪᠦᠯᠦᠭ ᠦᠵᠡᠯ ᠰᠠᠨᠠᠭ᠎ᠠ ᠤᠯᠤᠰ ᠲᠦᠷᠦ᠂ ᠰᠣᠶᠣᠯ ᠤᠨ ᠬᠡᠪ ᠪᠣᠯᠪᠠᠰᠤᠷᠠᠯ᠂ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠵᠡᠷᠭᠡ ᠲᠠᠯ᠎ᠠ ᠪᠠᠷ ᠤᠯᠠᠨ ᠠᠴᠠ ᠴᠣᠯᠭᠤᠷᠠᠭᠰᠠᠨ ᠰᠢᠨ᠎ᠡ ᠴᠡᠷᠢᠭ ᠴᠣᠯᠭᠤᠷᠠᠨ ᠭᠠᠷᠴᠤ᠂ ᠴᠡᠷᠢᠭ ᠤᠨ ᠬᠤᠸᠠᠷᠠᠨ ᠳᠤ ᠣᠷᠣᠵᠤ᠂ ᠤᠯᠤᠰ ᠤᠷᠤᠨ ᠢᠶᠠᠨ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠨ᠎ᠠ᠃
5.1.jpg
5.3.png
5.4.png
 
ᠢᠷᠡᠯᠲᠡ᠄ ᠳᠤᠰ ᠰᠦᠯᠵᠢᠶ᠎ᠡ