ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ 17 ᠳ᠋ᠤᠭᠠᠷ ᠤᠳᠠᠭᠠᠨ ᠤ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 18 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ 17 ᠳ᠋ᠤᠭᠠᠷ ᠤᠳᠠᠭᠠᠨ ᠤ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠡᠷ᠎ᠡ ᠬᠠᠲᠠᠭᠰᠠᠨ ᠵᠣᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ︔ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠷᠡᠭᠵᠢᠭᠦᠯᠬᠦ ᠲᠥᠰᠥᠯ︾ ᠢ ᠬᠢᠨᠠᠨ ᠵᠦᠪᠯᠡᠪᠡ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠭᠦᠨᠵᠡᠭᠡᠢ ᠥᠷᠨᠢᠭᠦᠯᠬᠦ ᠬᠡᠷᠡᠭᠲᠡᠢ︔ ᠵᠣᠬᠢᠶᠠᠨ ᠪᠠᠶᠢᠭᠤᠯᠤᠨ ᠨᠠᠷᠢᠨ ᠨᠢᠮᠪᠠᠢ ᠲᠥᠯᠥᠪᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠨ᠂ ᠤᠨᠤᠯ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︔ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠬᠢᠬᠦ ᠶᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠲᠠᠢ ᠤᠶᠠᠯᠳᠤᠭᠤᠯᠵᠤ᠂ ᠴᠢᠩᠭ᠎ᠠ ᠪᠠᠷᠢᠮᠵᠢᠶ᠎ᠠ᠂ ᠪᠣᠳᠠᠲᠠᠢ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃                 
ᠢᠷᠡᠯᠲᠡ᠄ ᠲᠤᠰ ᠰᠦᠯᠵᠢᠶ᠎ᠡ