ᠬᠠᠨ ᠲᠤᠤ ᠵᠦᠩ ᠶᠤᠸᠠᠨ ᠲᠢᠶᠠᠨ ᠬᠤᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠢᠨ ᠰᠢ ᠰᠢᠶᠠᠨ ᠨᠠᠷ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2023/9/21
     9 ᠰᠠᠷ᠎ᠠ ᠶᠢᠨ 20 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠵᠥᠩ ᠶᠤᠸᠠᠨ ᠲᠢᠶᠠᠨ ᠬᠤᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠢᠨ ᠰᠢ ᠰᠢᠶᠠᠨ ᠨᠠᠷ ᠲᠠᠢ ᠰᠠᠭᠤᠨ ᠶᠠᠷᠢᠯᠴᠠᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠴᠡᠪᠡᠷ ᠡᠨᠧᠷᠭᠢ ᠶᠢ ᠬᠥᠭᠵᠢᠭᠦᠯᠬᠦ᠂ ᠡᠨᠧᠷᠭᠢ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠪᠠ ᠰᠢᠨ᠎ᠡ ᠡᠨᠧᠷᠭᠢ ᠶᠢᠨ ᠬᠡᠷᠡᠭᠯᠡᠭᠡ ᠵᠢᠴᠢ ︽ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠦᠭᠡᠴᠡ︾ ᠶᠢ ᠨᠢᠭᠡ ᠴᠣᠭᠴᠠᠵᠢᠭᠤᠯᠤᠭᠰᠠᠨ ᠰᠢᠰᠲ᠋ᠧᠮᠲᠦ ᠢᠨᠵᠧᠨᠧᠷᠢᠩ ᠵᠡᠷᠭᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃     ᠬᠠᠨ ᠲᠤᠤ ᠶᠢᠨ ᠰᠢ ᠰᠢᠶᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠷᠳᠣᠰ ᠬᠤᠳᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠵᠤ ᠦᠢᠯᠡᠰ ᠤᠨ ᠰᠠᠭᠤᠷᠢ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠠᠢ᠃ ᠬᠠᠨ ᠲᠤᠤ ᠶᠠᠷᠢᠶᠠᠨ ᠳᠠᠭᠠᠨ᠂ ᠣᠷᠳᠣᠰ ᠬᠤᠳᠠ ᠨᠢ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ᠂ ᠰᠠᠭᠤᠷᠢ ᠰᠠᠶᠢᠨ᠂ ᠣᠷᠣᠨ ᠵᠠᠢ ᠥᠷᠭᠡᠨ ᠠᠭᠤᠳᠠᠮ᠂ ᠶᠡᠭᠡ ᠬᠡᠪᠴᠢᠶ᠎ᠡ ᠪᠠᠷ ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠣᠯᠣᠨ ᠭᠡᠷᠡᠯ ᠴᠡᠨᠡᠭ ᠢ ᠬᠥᠭᠵᠢᠭᠦᠯᠬᠦ ᠳᠤ ᠡᠬᠢ ᠪᠠᠶᠠᠯᠢᠭ᠂ ᠭᠠᠵᠠᠷ ᠰᠢᠷᠣᠢ᠂ ᠰᠢᠩᠭᠡᠬᠡᠨ ᠠᠪᠬᠤ ᠪᠠ ᠭᠠᠳᠠᠭᠰᠢ ᠬᠦᠷᠭᠡᠬᠦ ᠵᠡᠷᠭᠡ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠶᠠᠷᠢᠯᠴᠠᠭ᠎ᠠ ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠤᠨ᠂ ᠲᠣᠭᠠᠴᠢᠯᠠᠭᠰᠠᠨ ᠡᠨᠧᠷᠭᠢ᠂ ᠲᠠᠷᠬᠠᠮᠠᠯ ᠤᠨ ᠬᠡᠯᠪᠡᠷᠢ ᠶᠢᠨ ᠭᠡᠷᠡᠯ ᠴᠡᠨᠡᠭ᠂ ᠡᠨᠧᠷᠭᠢ ᠨᠦᠬᠡᠴᠡᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠴᠡᠭ ᠢ ᠡᠷᠢᠯᠬᠢᠯᠡᠵᠦ᠂ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠨ᠂ ᠭᠠᠷ ᠬᠤᠯᠪᠣᠨ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃     ᠶᠢᠨ ᠰᠢ ᠰᠢᠶᠠᠨ ᠵᠦᠩ ᠶᠤᠸᠠᠨ ᠲᠢᠶᠠᠨ ᠬᠤᠩ ᠪᠦᠯᠦᠭᠯᠡᠯ ᠵᠢᠴᠢ ᠣᠶᠤᠨᠲᠤ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠡᠵᠡᠩᠨᠡᠯᠲᠡ ᠶᠢᠨ ᠣᠷᠴᠢᠨ ᠨᠦᠬᠦᠴᠡᠯ ᠳᠠᠪᠠᠭᠤᠯᠢᠭ᠂ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠵᠤᠵᠠᠭᠠᠨ᠂ ᠪᠡᠯᠡ ᠣᠷᠣᠭᠤᠯᠤᠯᠲᠠ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠴᠢᠳᠠᠪᠤᠷᠢᠲᠠᠨ ᠪᠣᠯᠣᠨ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠯᠤᠭ᠎ᠠ ᠶᠢᠨ ᠵᠣᠯᠭᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠰᠠᠭᠤᠷᠢᠯᠠᠨ᠂ ᠭᠠᠵᠠᠷ ᠣᠷᠣᠨ ᠤ ᠬᠥᠭᠵᠢᠯᠲᠡ ᠶᠢᠨ ᠬᠡᠷᠡᠭᠴᠡᠭᠡ ᠲᠠᠢ ᠭᠦᠨᠵᠡᠭᠡᠢ ᠵᠣᠯᠭᠠᠭᠤᠯᠵᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠲᠦᠷᠭᠡᠨ ᠲᠥᠯᠥᠪᠵᠢᠭᠦᠯᠵᠦ ᠠᠬᠢᠭᠤᠯᠤᠨ᠎ᠠ ᠭᠡᠵᠡᠢ᠃     ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠴᠢ ᠷᠦᠢ ᠮᠠᠰᠢᠨ ᠲᠡᠷᠭᠡᠨ ᠤ ᠣᠷᠳᠣᠰ ᠤᠨ ᠬᠤᠪᠢᠶᠠᠷᠢ ᠺᠣᠮᠫᠠᠨᠢ᠂ ᠣᠷᠳᠣᠰ ᠬᠤᠲᠠ ᠶᠢᠨ ᠶᠤᠸᠠᠨ ᠱᠧᠩ ᠬᠡᠷᠡᠯ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠵᠢᠩ ᠤᠣ ᠨᠡᠷᠡᠨ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠵᠢᠭᠰᠡᠨ ᠲᠤᠤᠷ᠎ᠠ ᠨᠡᠬᠦᠷᠡᠰᠤᠳᠦ᠋ᠷᠦᠭᠴᠢᠳᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠦᠵᠡᠪᠡ᠃ 
ᠢᠷᠡᠯᠲᠡ᠄ ᠳ᠋ᠥᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ