9 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠧᠵᠢᠶᠠᠩ ᠤᠨ | ᠷᠦᠨ ᠹᠧᠩ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠦ ᠭᠠᠩ ᠲᠠᠢ ᠠᠭᠤᠯᠵᠠᠵᠤ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠠᠪᠤᠳᠠᠯ ᠤᠨ ᠲᠤᠬᠠᠢ ᠵᠥᠪᠳᠡᠯᠴᠡᠪᠡ᠃ | ᠬᠠᠨ ᠲᠤᠤ ᠯᠦ ᠭᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠢᠳᠡᠪᠬᠢᠲᠡᠢ ᠪᠠᠶᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠲᠠᠰᠤᠷᠠᠯᠳᠡ ᠦᠭᠡᠢ ᠰᠢᠯᠢᠳᠡᠭᠵᠢᠬᠦᠯᠵᠤ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠡᠯᠧᠺᠲᠷᠣᠨ ᠲᠥᠬᠦᠭᠡᠷᠦᠮᠵᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠢ ᠪᠠᠶᠢᠵᠤ᠂ ᠬᠤᠯᠪᠣᠭᠳᠠᠯ ᠪᠦᠬᠦᠢ ᠠᠵᠤ ᠦᠢᠯᠡᠰ ᠤᠨ | ᠳᠡᠮᠵᠢᠯᠭᠡ ᠶᠢᠨ ᠲᠦᠷᠦ ᠶᠢᠨ ᠪᠣᠳᠣᠯᠭ᠎ᠠ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠲᠦᠷᠦ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠡᠢ᠃ ᠰᠢᠨ᠎ᠡ | ᠡᠨᠧᠷᠭᠢ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠦᠢᠯᠡᠳᠪᠦᠷᠢᠯᠡᠵᠦ ᠦᠢᠯᠡᠳᠬᠦ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠲᠤᠭᠤᠷᠢᠭ ᠪᠣᠯᠣᠨ ᠳ᠋ᠦᠩᠱᠧᠩ ᠲᠣᠭᠤᠷᠢᠭ ᠤᠨ ᠬᠢᠨ ᠡᠯᠧᠮᠧᠨ᠋ᠲ ᠤᠨ ᠤᠶᠢᠯᠡᠴᠢᠯᠡᠭᠡ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ | ᠯᠦ ᠭᠠᠩ᠂ ᠺᠣᠮᠫᠠᠨᠢ ᠠᠵᠢᠯ ᠲᠦᠷᠦᠯ ᠤᠨ ᠮᠡᠷᠭᠡᠵᠢᠯ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠬᠠᠮᠲᠤ ᠰᠠᠯᠬᠢ ᠬᠡᠷᠡᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠢᠨ᠎ᠡ ᠡᠨᠧᠷᠭᠢ ᠶᠢᠨ ᠲᠤᠨᠤᠭ | ᠲᠥᠬᠦᠭᠡᠷᠦᠮᠵᠢ ᠪᠣᠯᠣᠨ ᠡᠯᠧᠺᠲᠷᠣᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ ᠳᠤ ᠨᠡᠩ ᠤᠯᠠᠨ ᠬᠠᠮᠲᠤᠷᠠᠯᠴᠠᠭ᠎ᠠ ᠶᠢ ᠡᠷᠢᠯᠬᠢᠯᠡᠵᠦ᠂ ᠭᠠᠵᠠᠷ ᠣᠷᠣᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠠᠭᠤᠯᠵᠠᠯᠲᠠ ᠠᠴᠠ ᠡᠮᠦᠨ᠎ᠡ᠂ ᠯᠦ ᠭᠠᠩ ᠨᠠᠷ ᠣᠷᠳᠣᠰ ᠬᠤᠳᠠ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠢ ᠯᠢ ᠢ ᠳ᠋ᠣᠣ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠶᠢᠨ ᠯᠦᠩ ︵ᠥᠪᠥᠷ ᠮᠣᠩᠭᠤᠯ︶ ᠤᠨ ᠰᠢᠨ᠎ᠡ ᠡᠨᠧᠷᠭᠢ ᠶᠢᠨ | ᠮᠠᠰᠢᠨ ᠲᠡᠷᠭᠡ ᠪᠣᠷᠣᠯᠠᠭᠤᠯᠬᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠦᠵᠡᠪᠡ᠃ |