ᠬᠤᠶᠠᠳᠤᠭᠠᠷ ᠬᠤᠭᠤᠴᠠᠭᠠᠨ ᠤ ᠬᠠᠨᠲᠠᠶ ᠪᠠᠯᠭᠠᠰᠤᠨ ᠤ ᠡᠯᠪᠡᠭ ᠬᠤᠷᠢᠶᠠᠯᠲᠠ ᠶᠢᠨ ᠨᠠᠶᠢᠷ ᠶᠠᠪᠤᠭᠳᠠᠪᠠ
ᠨᠡᠶᠢᠲᠡᠯᠡᠭᠰᠡᠨ ᠴᠠᠭ᠄
2023/9/24
7.2.jpg
   9 ᠰᠠᠷ᠎ᠠ ᠶᠢᠨ 23 ᠤ ᠡᠳᠦᠷ᠂  ︽ᠡᠯᠪᠡᠭ ᠬᠤᠷᠢᠶᠠᠯᠲᠠ ᠶᠢ ᠪᠡᠯᠬᠡᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠤᠶᠠᠳᠤᠭᠠᠷ ᠬᠤᠭᠤᠴᠠᠭᠠᠨ ᠤ ᠬᠠᠨᠲᠠᠶ ᠪᠠᠯᠭᠠᠰᠤᠨ ᠤ ᠡᠯᠪᠡᠭ ᠬᠤᠷᠢᠶᠠᠯᠲᠠ ᠶᠢᠨ ᠨᠠᠶᠢᠷ ᠵᠢᠦ ᠴᠧᠩ ᠬᠦᠩ ᠲᠠᠯ᠎ᠠ ᠨᠤᠳᠤᠭ ᠤᠨ ᠮᠠᠩᠬᠠᠨ ᠠᠶᠠᠯᠭᠤᠳᠤ ᠰᠤᠶᠤᠯ ᠵᠢᠭᠤᠯᠴᠢᠯᠠᠯ ᠤᠨ ᠤᠷᠤᠨ ᠤ ᠶᠡᠭᠡ ᠬᠠᠭᠠᠨ ᠤ ᠲᠠᠯ᠎ᠠ ᠨᠤᠲᠤᠭ ᠲᠤ ᠶᠠᠪᠤᠭᠳᠠᠪᠠ᠃ ᠲᠤᠬᠠᠢ ᠶᠢᠨ ᠲᠠᠯᠠᠪᠠᠢ ᠳᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ᠂ ᠤᠯᠠᠨ ᠲᠦᠮᠡᠨ ᠤ ᠪᠠᠭ᠋ᠠᠳᠤᠯ ᠢ ᠣᠯᠣᠭᠰᠠᠨ ᠳᠠᠭᠤᠤ ᠪᠥᠵᠢᠭ ᠡᠭᠡᠯᠵᠢᠯᠡᠨ ᠲᠣᠭᠯᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠮᠠᠭᠳᠠᠨ ᠪᠥᠵᠢᠭᠯᠡᠵᠦ᠂ ᠲᠠᠷᠢᠶᠠᠴᠢᠳ ᠤᠨ ᠵᠣᠯ ᠵᠢᠷᠭᠠᠯᠲᠤ ᠠᠮᠢᠳᠤᠷᠠᠯ ᠢ ᠪᠠᠭ᠋ᠠᠳᠤᠨ ᠳᠠᠭᠤᠯᠠᠵᠤ᠂ ᠤᠯᠠᠨ ᠲᠦᠮᠡᠨ ᠤ ᠪᠠᠶᠠᠷ ᠵᠢᠷᠭᠠᠯ ᠤᠨ ᠲᠠᠭᠤᠨ ᠲᠠᠰᠤᠷᠠᠯᠳᠡ ᠦᠭᠡᠢ ᠬᠠᠩᠬᠢᠨᠠᠵᠤ ᠪᠠᠶᠢᠯ᠎ᠠ᠃
7.1.jpg
7.4.jpg
7.3.jpg
 
ᠢᠷᠡᠯᠲᠡ᠄ ᠳᠤᠰ ᠰᠦᠯᠵᠢᠶ᠎ᠡ