【ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠤᠶ᠎ᠠ】ᠳᠡᠷᠡᠰᠤᠳᠤ ᠶᠢᠨ ᠳᠠᠯ᠎ᠠ ᠲᠤᠰᠬᠤᠨ ᠤ ᠳᠤᠰᠤᠯᠭᠠᠨ ᠤᠰᠤᠯᠠᠯᠳᠠ ᠶᠢᠨ ᠪᠦᠰᠡ ᠶᠢ ᠡᠷᠬᠢᠯᠳᠦᠬᠦᠯᠦᠨ ᠠᠰᠢᠭᠯᠠᠬᠤ ᠰᠢᠨ᠎ᠡ ᠲᠦᠷᠦᠯ ᠵᠦᠢᠯ ᠠᠰᠢᠭᠯᠠᠯᠳᠠ ᠳᠤ ᠤᠷᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/9/7
      ᠲᠦᠩᠴᠤᠸᠠᠨ ᠪᠠᠯᠭᠠᠰᠤᠨ ᠤ ᠳᠡᠷᠡᠰᠤᠳᠤ ᠶᠢᠨ ᠳᠠᠯ᠎ᠠ ᠲᠣᠰᠬᠤᠨ ᠤ ᠤᠯᠠᠭᠠᠨ ᠰᠢᠪᠠᠷᠳᠤ ᠳᠠᠯ᠎ᠠ ᠬᠤᠷᠰᠢᠶᠠᠵᠢᠯ ᠤᠨ ᠳᠤᠰᠤᠯᠭᠠᠨ ᠤᠰᠤᠯᠠᠯᠳᠠ ᠶᠢᠨ ᠪᠦᠰᠡ  ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠵᠢᠴᠢ ᠦᠢᠯᠡᠳᠪᠤᠷᠢᠯᠡᠬᠦ ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 5 ᠮᠥ ᠪᠠᠶᠢᠵᠤ᠂ ᠡᠨᠡ ᠵᠢᠯ ᠤᠨ 6 ᠰᠠᠷ᠎ᠠ ᠠᠴᠠ ᠡᠬᠢᠯᠡᠨ ᠪᠥᠲᠥᠭᠡᠨ ᠪᠠᠶᠢᠭᠤᠯᠵᠤ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ  ᠦᠢᠯᠡᠳᠪᠤᠷᠢᠯᠡᠯ ᠢᠶᠠᠨ ᠡᠬᠢᠯᠡᠬᠦᠯᠦᠨ᠎ᠡ᠃      ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠳᠡᠷᠡᠰᠤᠳᠤ ᠶᠢᠨ ᠳᠠᠯ᠎ᠠ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠨᠢ ᠲᠦᠩᠴᠤᠸᠠᠨ ᠪᠠᠯᠭᠠᠰᠤᠨ ᠤ ᠳᠡᠷᠡᠰᠤᠳᠤ ᠶᠢᠨ ᠳᠠᠯ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠺᠣᠮᠫᠠᠨᠢ ᠪᠠᠶᠢᠵᠤ᠂ 2019 ᠣᠨ ᠳᠤ ᠪᠠᠶᠢᠭᠤᠯᠤᠭᠳᠠᠪᠠ᠃ ᠺᠣᠮᠫᠠᠨᠢ ᠶᠢᠨ ᠳᠤᠰᠤᠯᠭᠠᠨ ᠤᠰᠤᠯᠠᠯᠳᠠ ᠶᠢᠨ ᠪᠦᠰᠡ ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠵᠢᠴᠢ ᠦᠢᠯᠡᠳᠪᠤᠷᠢᠯᠡᠬᠦ ᠲᠥᠷᠥᠯ ᠵᠦᠢᠯ ᠨᠢ ᠲᠣᠰᠬᠤᠨ ᠤ ᠠᠷᠠᠳ ᠤᠨ ᠰᠤᠯᠠ ᠪᠠᠶᠢᠭ᠎ᠠ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ᠂ ᠡᠬᠦᠨ ᠳᠤ ᠳᠠᠬᠢᠨ ᠡᠬᠦᠰᠬᠦ ᠰᠦᠯᠢᠶᠣᠣ ᠮᠥᠬᠦᠯᠢᠭ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ 360 ᠲᠡᠭᠰᠢ ᠳᠥᠷᠪᠡᠯᠵᠢᠨ ᠮᠧᠲᠷ᠂ ᠳᠤᠰᠤᠯᠭᠠᠨ ᠤᠰᠤᠯᠠᠯᠳᠠ ᠶᠢᠨ ᠪᠦᠰᠡ ᠶᠢᠨ ᠦᠢᠯᠡᠳᠪᠦᠷᠢᠯᠡᠯ ᠤᠨ ᠲᠠᠰᠤᠭ 300 ᠲᠡᠭᠰᠢ ᠳᠥᠷᠪᠡᠯᠵᠢᠨ ᠮᠧᠲᠷ᠂ ᠳᠤᠰᠤᠯᠭᠠᠨ ᠤᠰᠤᠯᠠᠯᠳᠠ ᠶᠢᠨ ᠪᠦᠰᠡ ᠶᠢᠨ ᠪᠦᠲᠦᠭᠡᠭᠳᠡᠬᠦᠨ ᠢ ᠳᠠᠯᠪᠢᠬᠤ ᠳᠠᠰᠤᠭ 120 ᠲᠡᠭᠰᠢ ᠳᠥᠷᠪᠡᠯᠵᠢᠨ ᠮᠧᠲᠷ ᠪᠠᠶᠢᠵᠤ᠂ 600 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ ᠳᠠᠬᠢᠨ ᠡᠬᠦᠰᠬᠦ ᠰᠦᠯᠢᠶᠣᠣ ᠮᠥᠬᠦᠯᠢᠭ ᠤᠨ ᠦᠢᠯᠡᠳᠪᠦᠷᠢᠯᠡᠯ ᠤᠨ ᠱᠤᠭᠤᠮ ᠢ 1᠂ ᠳᠤᠰᠤᠯᠭᠠᠨ ᠤᠰᠤᠯᠠᠯᠳᠠ ᠶᠢᠨ ᠪᠦᠰᠡ ᠶᠢᠨ ᠦᠢᠯᠡᠳᠪᠦᠷᠢᠯᠡᠯ ᠤᠨ ᠱᠤᠭᠤᠮ ᠢ 2 ᠣᠷᠣᠭᠤᠯᠵᠤ᠂ ᠵᠢᠯ ᠳᠤ 2100 ᠲᠣᠨ ᠬᠠᠶᠠᠭᠳᠠᠮᠠᠯ ᠰᠦᠯᠢᠶᠣᠣ ᠶᠢ ᠬᠤᠷᠢᠶᠠᠨ ᠠᠪᠴᠤ᠂ ᠵᠢᠯ ᠳᠤ 720 ᠲᠣᠨ ᠳᠤᠰᠤᠯᠭᠠᠨ  ᠤᠰᠤᠯᠠᠯᠳᠠ ᠶᠢᠨ ᠪᠦᠰᠡ ᠶᠢ ᠦᠢᠯᠡᠳᠪᠦᠷᠢᠯᠡᠨ᠂ ᠵᠢᠯ ᠤᠨ ᠦᠢᠯᠡᠳᠬᠦᠨ ᠤ ᠥᠷᠲᠡᠭ ᠨᠢ 550 ᠲᠦᠮᠡᠨ ᠲᠥᠭᠦᠷᠢᠭ ᠲᠤ ᠬᠦᠷᠦᠨ᠎ᠡ᠃    ︽ᠲᠥᠷᠥᠯ ᠵᠦᠢᠯ ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠵᠢᠯ ᠳᠤ ᠪᠠᠷᠤᠭ 50 ᠲᠦᠮᠡᠨ ᠲᠥᠭᠦᠷᠢᠭ ᠨᠡᠮᠡᠭᠳᠡᠭᠦᠯᠬᠦ ᠶᠢ ᠪᠡᠶᠡᠯᠡᠭᠦᠯᠵᠦ᠂ 10 ᠭᠠᠷᠤᠶ ᠠᠵᠢᠯ ᠤᠨ ᠪᠠᠶᠢᠷᠢ ᠬᠠᠩᠭᠠᠨ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ 30 ᠲᠦᠮᠡᠨ ᠲᠥᠭᠦᠷᠢᠭ ᠨᠡᠮᠡᠭᠳᠡᠬᠦᠯᠬᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠵᠣᠬᠢᠴᠠᠩᠭᠤᠶ ᠪᠠᠷ ᠬᠥᠭᠵᠢᠭᠦᠯᠦᠭᠰᠡᠨ ᠶᠡᠷᠦᠩᠬᠡᠶᠢᠯᠡᠭᠰᠡᠨ ᠠᠵᠤ ᠦᠢᠯᠡᠰ ᠤᠨ ᠲᠥᠷᠥᠯ ᠵᠦᠢᠯ ᠤᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠪᠥᠬᠦ ᠪᠠᠯᠭᠠᠰᠤᠨ ᠳᠤ ᠣᠯᠠᠨ ᠶᠠᠩᠵᠤᠳᠤ᠂ ᠣᠨᠴᠠᠯᠢᠭ ᠲᠠᠢ᠂ ᠣᠷᠣᠯᠭ᠎ᠠ ᠶᠢ ᠳᠤᠭᠳᠠᠭᠤᠨ ᠢᠶᠠᠷ ᠨᠡᠮᠡᠭᠳᠡᠬᠦᠯᠬᠦ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠲᠣᠰᠬᠤᠨ ᠤ ᠱᠠᠲᠤᠨ ᠤ ︿ᠴᠢᠰᠤ ᠪᠦᠲᠦᠭᠡᠬᠦ﹀ ᠴᠢᠳᠠᠮᠵᠢ ᠶᠢ ᠦᠨᠡᠨ ᠬᠦ ᠳᠡᠭᠡᠭᠰᠢᠯᠡᠭᠦᠯᠦᠨ᠎ᠡ᠃︾               — ᠲᠦᠩᠴᠤᠸᠠᠨ ᠪᠠᠯᠭᠠᠰᠤᠨ ᠤ ᠳᠡᠷᠡᠰᠤᠳᠤ ᠶᠢᠨ ᠳᠠᠯ᠎ᠠ ᠲᠣᠰᠬᠤᠨ ᠤ ᠱᠦᠵᠢ᠂ ᠡᠷᠬᠢᠯᠡᠭᠴᠢ   ᠸᠠᠩ ᠸᠧᠨ ᠴᠢᠤᠸᠠᠨ      ᠤᠢᠢᠷ᠎ᠠ ᠶᠢᠨ ᠵᠢᠯ ᠠᠴᠠ᠂ ᠲᠦᠩᠴᠤᠸᠠᠨ ᠪᠠᠯᠭᠠᠰᠤ ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠪᠠ ᠪᠣᠬᠢᠷᠲᠤᠯ ᠦᠭᠡᠢ ᠣᠷᠭᠠᠨᠢᠭ ᠲᠦᠷᠦᠯ ᠲᠡᠮᠳᠡᠭ ᠢ ᠡᠭᠦᠳᠬᠦ ᠶᠢ ᠰᠠᠶᠢᠲᠤᠷ ᠠᠳᠬᠤᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︽ᠬᠤᠳᠠ ᠶᠢ  ᠲᠦᠰᠢᠭᠰᠡᠨ ᠠᠵᠤ ᠠᠬᠤᠢ︾᠂ ︽ᠵᠠᠮ ᠳᠠᠭᠠᠤ ᠠᠵᠤ ᠠᠬᠤᠢ︾᠂ ︽  ᠬᠤᠷᠰᠢᠶᠠᠵᠢᠯ ᠤᠨ ᠠᠵᠤ ᠠᠬᠤᠢ︾  ᠳᠤ ᠠᠩᠬᠠᠷᠤᠯ ᠢᠶᠠᠨ ᠲᠦᠪᠯᠡᠷᠡᠬᠦᠯᠦᠨ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠪᠠ᠃ 2022 ᠣᠨ ᠳᠤ᠂ ᠲᠦᠩ ᠰᠢᠨ ᠬᠤᠭᠤᠯᠠᠨ ᠬᠡᠷ᠂ ᠵᠧᠩ ᠶᠤᠸᠠᠨ ᠠᠶᠠᠭ᠎ᠠ ᠤᠬᠢᠶᠠᠬᠤ ᠦᠢᠯᠡᠳᠪᠦᠷᠢ ᠵᠡᠷᠭᠡ 32 ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠲᠣᠭᠲᠠᠭᠤᠨ ᠢᠶᠠᠷ ᠬᠦᠭᠵᠢᠬᠦᠯᠵᠤ᠂ ᠭᠤᠷᠪᠠᠨ ᠳᠤᠰᠬᠤᠨ ᠤ ᠬᠠᠮᠳᠤ ᠶᠢᠨ ᠡᠵᠡᠩᠨᠡᠯᠳᠡ ᠶᠢᠨ ᠴᠢᠨᠠᠷᠳᠠᠢ ᠤᠷᠤᠯᠭ᠎ᠠ 100 ᠲᠦᠮᠡ  ᠶᠢ ᠳᠠᠪᠠᠵᠤ᠂  ᠪᠦᠬᠦ ᠪᠠᠯᠭᠠᠰᠤᠨ ᠤ ᠤᠷᠤᠯᠭ᠎ᠠ 501 ᠲᠦᠮᠡᠨ ᠲᠥᠭᠦᠷᠢᠭ ᠲᠤ ᠬᠦᠷᠴᠡᠢ᠃ ᠡᠨᠡ ᠵᠢᠯ ᠠᠴᠠ ᠨᠠᠰᠢ᠂ ᠪᠥᠬᠦ ᠪᠠᠯᠭᠠᠰᠤᠨ ᠳᠤ ᠰᠢᠨ᠎ᠡ ᠪᠠᠷ ᠬᠡᠷᠡᠭᠵᠢᠬᠦᠯᠦᠭᠰᠡᠨ ᠬᠠᠮᠲᠤ ᠶᠢᠨ ᠠᠵᠤ ᠠᠬᠤᠶ ᠶᠢᠨ ᠲᠦᠷᠦᠯ ᠵᠦᠢᠯ 6 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 2013 ᠲᠦᠮᠡᠨ ᠲᠥᠭᠦᠷᠢᠭ  ᠲᠤ ᠬᠦᠷᠪᠡ᠃
ᠢᠷᠡᠯᠲᠡ᠄ ᠳᠤᠰ ᠰᠦᠯᠵᠢᠶ᠎ᠡ