ᠪᠦᠬᠦ ᠲᠤᠭᠤᠷᠢᠭ ᠤᠨ ᠠᠭᠤᠷᠬᠠᠢ ᠶᠢᠨ ᠠᠳᠡᠯ ᠢ ᠨᠢᠭᠤᠵᠤ ᠮᠡᠳᠡᠭᠦᠯᠬᠦ ᠦᠭᠡᠢ ᠪᠠᠶᠢᠬᠤ ᠶᠢ ︽ᠲᠦᠢᠯᠪᠤᠷᠢᠳᠠᠢ ᠪᠠᠶᠢᠴᠠᠭᠠᠬᠤ︾ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/9/7
                ᠳ᠋ᠦᠩᠱᠧᠩ ᠵᠠᠰᠠᠭ ᠠᠯᠪᠠᠨ ᠲᠠᠷᠬᠠᠭᠠᠭᠰᠠᠨ  ﹇2023﹈ 46 ᠳ᠋ᠤᠭᠠᠷ ᠲᠣᠭᠠᠲᠤ     ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ ᠳᠤ᠄     ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠭᠤᠷᠬᠠᠶ ᠶᠢᠨ ᠠᠳᠡᠯ ᠢ ᠨᠢᠭᠤᠵᠤ ᠮᠡᠳᠡᠬᠦᠯᠬᠦ ᠦᠬᠡᠢ ᠪᠠᠶᠢᠬᠤ ᠶᠢ ︿ᠲᠦᠢᠯᠪᠤᠷᠢᠳᠠᠢ ᠪᠠᠶᠢᠴᠠᠭᠠᠬᠤ﹀ ᠠᠵᠢᠯ ᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠭᠡᠷ ᠤᠨ ᠵᠠᠬᠢᠳᠠᠯ︾ ︵ᠠᠶᠤᠯᠭᠦᠶ ᠦᠢᠯᠡᠳᠪᠦᠷᠢᠯᠡᠯ ᠤᠨ ᠵᠥᠪᠯᠡᠯ ᠠᠯᠪᠠᠨ ᠵᠠᠬᠢᠳᠠᠯ ﹇2020﹈ 103 ᠳ᠋ᠤᠭᠠᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠠᠭᠤᠷᠬᠠᠶ ᠶᠢᠨ ᠠᠳᠡᠯ ᠢ ᠨᠢᠭᠤᠵᠤ ᠮᠡᠳᠡᠭᠦᠯᠬᠦ ᠥᠬᠡᠶ ᠪᠠᠶᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠥᠬᠦ ᠲᠤᠭᠤᠷᠢᠭ ᠤᠨ ᠠᠭᠤᠷᠬᠠᠶ ᠶᠢᠨ ᠠᠳᠡᠯ ᠢ ᠮᠡᠳᠡᠭᠦᠯᠬᠦ ᠥᠬᠡᠶ ᠨᠢᠭᠤᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠂ ᠪᠣᠳᠠᠲᠠᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨᠳᠤᠭᠤᠶᠢᠯᠠᠩ ᠤᠨ ᠳᠠᠷᠤᠭ᠎ᠠ᠄     ᠭᠤᠤ ᠮᠢᠩ          ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄     ᠵᠠᠩ ᠪᠢᠩ     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ    ᠸᠠᠩ ᡁᠢ            ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠᠪᠦᠷᠢᠯᠳᠦᠬᠦᠨ᠄     ᠯᠢᠦ ᠱᠢ ᠸᠧᠨ        ᠬᠠᠨᠳᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ    ᠸᠠᠩ ᠫᠧᠩ          ᠲᠦᠩᠴᠤᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ    ᠯᠢᠦ ᠬᠠᠢ            ᠪᠤᠷᠵᠠᠩᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ    ᠰᠢᠤᠢ ᠴᠧᠨ          ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ    ᠵᠣᠣ ᠶᠠ ᠹᠧᠩ       ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ    ᠭᠤᠤ ᠸᠧᠶ         ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ    ᠮᠧᠢ ᠵᠢᠩ ᠿᠢ     ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶᠠᠨ ᠤ ᠲᠠᠷᠤᠭ᠎ᠠ    ᠸᠠᠩ ᠵᠢᠶᠦ᠋ᠨ ᠹᠧᠩ    ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠳᠠᠷᠤᠭ᠎ᠠ    ᠷᠧᠨ ᠬᠦᠶ ᠧ       ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ    ᠯᠢ ᠵᠢᠶᠦ᠋ᠨ     ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ    ᠵᠠᠩ ᠰᠢᠶᠤᠤ ᠯᠦᠩ       ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ    ᠽᠢ ᠶᠦᠩ ᠪᠢᠨ          ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠳᠠᠷᠤᠭ᠎ᠠ    ᠴᠧᠩ ᠹᠸᠢ ᠫᠧᠩ     ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ    ᠬᠤᠸᠠᠩ ᠯᠢᠶᠠᠩ ᠴᠧᠩ    ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠳ᠋ᠦᠡᠭᠱᠸᠡᠭ ᠲᠤᠭᠤᠷᠢᠭ ᠤᠨ ᠬᠤᠪᠢᠶᠠᠷᠢ ᠲᠤᠪᠴᠢᠶ᠎ᠠ ᠶᠢᠨ ᠲᠠᠷᠤᠭ᠎ᠠ    ᠲᠢᠶᠠᠨ ᠪᠦᠦ ᠯᠢᠨ     ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ    ᠬᠠᠨ ᠹᠧᠢ ᠫᠧᠩ       ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ    ᠰᠦᠨ ᠱᠧᠩ ᠯᠢᠨ      ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠸᠠᠩ ᠶᠦᠩ ᠫᠢᠩ      ᠰᠢᠩ ᠹᠦ᠋  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠵᠢᠶᠦ᠋ᠨ ᠬᠠᠪᠰᠤᠷᠭᠠᠨ ᠡᠭᠦᠷᠭᠡᠯᠡᠨ᠎ᠡ᠃ ᠪᠥᠬᠦ  ᠲᠤᠭᠤᠷᠢᠭ ᠤᠨ ᠠᠭᠤᠷᠬᠠᠶ ᠶᠢᠨ ᠠᠳᠠᠯ ᠢ ᠨᠢᠭᠤᠵᠤ ᠮᠡᠳᠡᠭᠦᠯᠬᠦ ᠥᠬᠡᠶ︽ᠲᠦᠢᠯᠪᠤᠷᠢᠳᠠᠢ ᠪᠠᠶᠢᠴᠠᠭᠠᠬᠤ︾ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠡᠳᠦᠷ ᠲᠤᠲᠤᠮ ᠤᠨ ᠲᠣᠬᠢᠷᠠᠭᠤᠯᠤᠯᠲᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠢ ᠪᠣᠳᠠᠲᠠᠶ ᠬᠠᠷᠢᠭᠤᠴᠠᠨ᠎ᠠ᠃ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ    ︵ᠨᠢᠭᠡ︶ ᠡᠯ᠎ᠡ ᠪᠠᠯᠭᠠᠰᠤ᠂ ᠬᠠᠮᠢᠶ᠎ᠠ ᠪᠥᠬᠦᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠭᠤᠷᠬᠠᠢ ᠶᠢᠨ ᠬᠦᠷᠢᠶᠡᠨ ᠳᠠᠬᠢ ᠡ᠊ᠨᠳᠡᠯ ᠢ ᠨᠢᠭᠤᠵᠤ ᠮᠡᠳᠡᠭᠦᠯᠬᠦ  ᠦᠬᠡᠢ ᠪᠠᠶᠢᠬᠤ ᠶᠢ ︽ᠲᠦᠢᠯᠪᠤᠷᠢᠳᠠᠢ ᠪᠠᠶᠢᠴᠠᠭᠠᠬᠤ︾ ᠠᠵᠢᠯ ᠢ ᠦᠳᠲᠡᠷ ᠲᠦᠷᠭᠡᠨ ᠦᠷᠨᠢᠬᠦᠯᠦᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠲᠤᠯᠤᠭᠠᠶᠢᠯᠠᠭᠤᠯᠤᠨ᠂ ᠡᠨᠧᠷᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠪᠦᠬᠦ ᠲᠤᠭᠤᠷᠢᠭ ᠤᠨ 2013 ᠣᠨ ᠠᠴᠠ ᠨᠠᠰᠢᠬᠢ ᠠᠭᠤᠷᠬᠠᠶ ᠶᠢᠨ ᠬᠦᠷᠢᠶ᠎ᠡ ᠴᠠᠷᠠᠭ᠎ᠠ ᠳᠤ ᠭᠠᠷᠤᠭᠰᠠᠨ ᠠᠳᠡᠯ ᠢ ᠨᠢᠭᠤᠵᠤ ᠮᠡᠳᠡᠬᠦᠯᠦᠭᠰᠡᠨ ᠦᠬᠡᠢ ᠡᠬᠡ ᠳᠠᠩᠰᠠ ᠪᠠ 2013 ᠣᠨ ᠠᠴᠠ ᠨᠠᠰᠢᠬᠢ ᠠᠭᠤᠷᠬᠠᠶ ᠶᠢᠨ ᠬᠦᠷᠢᠶᠡᠨ ᠤ ᠢᠯᠡᠴᠢᠯᠡᠨ ᠮᠡᠳᠡᠭᠦᠯᠵᠦ ᠬᠢᠨᠠᠨ ᠪᠠᠶᠢᠴᠠᠭᠠᠭᠰᠠᠨ ᠦᠷ᠎ᠡ ᠳ᠋ᠦᠩ ᠨᠢ ᠡᠪᠡᠳᠴᠢᠨ ᠢᠶᠠᠷ ᠦᠬᠦᠭᠰᠡᠨ᠂ ᠰᠠᠨᠠᠭᠠᠨ ᠳᠤ ᠦᠭᠡᠶ ᠪᠠᠷ ᠦᠬᠦᠭᠰᠡᠨ ᠪᠠ ᠪᠣᠳᠠᠲᠠᠶ ᠲᠠᠢ ᠨᠡᠶᠢᠴᠡᠬᠦ ᠦᠬᠡᠢ ᠰᠡᠵᠢᠭ ᠲᠠᠢ ᠵᠦᠢᠯ᠂ ᠳᠠᠬᠢᠨ ᠳᠠᠪᠲᠠᠨ ᠢᠯᠡᠴᠢᠯᠡᠨ ᠮᠡᠳᠡᠭᠦᠯᠦᠭᠳᠡᠭᠰᠡᠨ ᠠᠳᠡᠯ ᠤᠨ ᠡᠬᠡ ᠳᠠᠩᠰᠠ ᠶᠢ ᠰᠢᠯᠤᠭᠤᠳᠬᠠᠨ ᠪᠠᠶᠢᠭᠤᠯᠤᠨ᠎ᠠ᠃   ︵ᠬᠤᠶᠠᠷ︶ ᠴᠠᠭ ᠲᠤᠬᠠᠶ ᠳᠤ ᠨᠢ ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ︵12350︶ ᠶᠢ ᠨᠡᠶᠢᠳᠡᠯᠡᠵᠤ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠲᠤᠯᠤᠭᠠᠶᠢᠯᠠᠭᠤᠯᠤᠨ᠂ ᠡᠨᠧᠷᠭᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠢᠭᠡᠳᠦᠯᠲᠡᠶ ᠲᠥᠯᠥᠪᠯᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠰᠢᠢᠳᠪᠤᠷᠢᠯᠡᠬᠦᠯᠦᠨ᠎ᠠ᠃   ︵ᠭᠤᠷᠪᠠ︶ ᠬᠠᠷᠭᠤᠭᠤᠯᠤᠨ ᠪᠠᠶᠢᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠦᠨᠳᠦᠰᠦᠯᠡᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠮᠡᠳᠡᠭᠦᠯᠦᠨ ᠬᠦᠷᠭᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠷᠭᠤᠭᠤᠯᠤᠨ ᠪᠠᠶᠢᠴᠠᠭᠠᠭᠰᠠᠨ ᠳ᠋ᠦᠩᠨᠡᠯᠲᠡ ᠶᠢ ᠪᠣᠶ ᠪᠣᠯᠭᠠᠭᠰᠠᠨ ᠤ ᠳᠠᠷᠠᠭ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠡᠮᠬᠢᠯᠡᠨ ᠳᠡᠭᠡᠭᠰᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠲᠤᠰᠢᠶᠠᠨ ᠬᠢᠨᠠᠨ   ᠲᠤᠭᠳᠠᠭᠠᠯᠭᠠᠬᠤ ᠶᠢᠨ ᠬᠠᠮᠲᠤ ︽ᠲᠦᠢᠯᠪᠤᠷᠢᠲᠠᠢ ᠪᠠᠶᠢᠴᠠᠭᠠᠬᠤ︾ ᠠᠵᠢᠯ ᠤᠨ ᠠᠬᠢᠴᠠ ᠶᠢᠨ ᠪᠠᠶᠢᠳᠠᠯ ᠪᠠ ᠠᠵᠢᠯ ᠤᠨ ᠳ᠋ᠦᠩᠨᠡᠯᠲᠡ ᠶᠢ ᠴᠠᠭ ᠲᠤᠬᠠᠶ ᠳᠤᠨᠢ ᠳᠡᠭᠡᠭᠰᠢ ᠮᠡᠳᠡᠬᠦᠯᠦᠨ᠎ᠠ᠃   ︵ᠲᠦᠷᠪᠡ︶ ᠳ᠋ᠦᠩᠨᠡᠯᠲᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠠᠵᠢᠯ ᠢ ᠴᠢᠩᠭ᠎ᠠ ᠰᠠᠶᠢᠲᠤᠷ ᠬᠢᠵᠦ᠂ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠶ ᠪᠠᠶᠢᠭ᠎ᠠ ᠨᠡᠭᠦᠷᠡᠰᠦᠨ ᠠᠭᠤᠷᠬᠠᠢ ᠶᠢᠨ ᠠᠳᠡᠯ ᠢ ︽ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠨᠧᠷᠭᠢ ᠶᠢᠨ ᠰᠠᠯᠠᠭ᠎ᠠ ᠮᠥᠴᠢᠷ ᠲᠤ ᠳᠠᠷᠦ᠋ᠢᠬᠠᠨ ᠰᠢᠯᠵᠢᠭᠦᠯᠦᠨ ᠲᠤᠰᠢᠶᠠᠵᠤ ᠪᠠᠶᠢᠴᠠᠭᠠᠨ ᠰᠢᠢᠳᠪᠦᠷᠢᠯᠡᠭᠦᠯᠵᠦ᠂ ᠲᠡᠰ ᠳᠡᠪᠰᠢᠭᠦᠯᠦᠨ ᠪᠠᠶᠢᠴᠠᠭᠠᠬᠤ ᠴᠢᠬᠤᠯᠠᠲᠠᠢ ᠠᠳᠡᠯ ᠢ ᠳᠠᠷᠦ᠋ᠢᠬᠠᠨ ᠳᠡᠰ ᠳᠡᠪᠰᠢᠭᠦᠯᠦᠨ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ ᠨᠢᠭᠡᠴᠡ ᠪᠠ ᠬᠠᠷᠢᠭᠤᠴᠠᠯᠭᠠᠲᠠᠨ ᠢ ᠲᠦᠷᠭᠡᠨ ᠰᠢᠢᠳᠪᠦᠷᠢᠯᠡᠬᠦ ᠶᠢ ᠪᠠᠲᠤᠯᠠᠵᠤ᠂ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ ᠮᠦᠷᠳᠡᠵᠤ ᠪᠤᠰᠤᠳ ᠢ ᠢᠯᠡᠷᠡᠬᠦᠯᠦᠨ᠎ᠠ᠃   ︵ᠲᠠᠪᠤ︶ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠲᠦᠢᠯᠪᠤᠷᠢᠳᠠᠢ ᠪᠠᠶᠢᠴᠠᠭᠠᠬᠤ︾ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠳᠣᠭᠢᠷᠠᠭᠤᠯᠵᠤ᠂ ᠠᠰᠠᠭᠤᠳᠠᠯ ᠢ ᠪᠠᠶᠢᠴᠠᠭᠠᠨ ᠲᠣᠳᠣᠯᠠᠭᠰᠠᠨ ᠥᠬᠡᠶ ᠪᠣᠯ ᠲᠠᠯᠪᠢᠬᠤ ᠥᠬᠡᠶ᠂ ᠬᠠᠷᠢᠭᠤᠴᠠᠯᠭ᠎ᠠ ᠲᠠᠢ ᠬᠥᠮᠦᠨ ᠢ ᠰᠢᠢᠳᠪᠦᠷᠢᠯᠡᠭᠰᠡᠨ ᠥᠬᠡᠶ ᠪᠣᠯ ᠲᠠᠯᠪᠢᠬᠤ ᠥᠬᠡᠶ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ ᠪᠣᠯ ᠲᠠᠯᠪᠢᠬᠤ ᠥᠬᠡᠶ᠂ ᠬᠤᠯᠪᠣᠭᠳᠠᠯ ᠪᠥᠬᠦᠶ ᠬᠥᠮᠦᠰ ᠤᠨ ᠬᠥᠮᠦᠵᠢᠯ ᠭᠥᠷᠳᠡᠭᠰᠡᠨ ᠥᠬᠡᠶ ᠪᠣᠯ ᠲᠠᠯᠪᠢᠬᠤ ᠥᠬᠡᠶ ᠪᠠᠶᠢᠬᠤ ᠵᠠᠷᠴᠢᠮ ᠢ ᠪᠠᠷᠢᠮᠲᠠᠯᠠᠨ᠂ ᠡᠷᠲᠡᠬᠡᠨ ᠳᠡᠭᠡᠭᠰᠢ ᠮᠡᠳᠡᠭᠦᠯᠵᠦ ᠬᠢᠨᠠᠨ ᠪᠠᠶᠢᠴᠠᠭᠠᠬᠤ ᠳ᠋ᠦᠩᠨᠡᠯᠲᠡ ᠶᠢ ᠠᠬᠢᠭᠤᠯᠤᠨ᠎ᠠ᠃    ︵ᠵᠢᠷᠭᠤᠭ᠎ᠠ︶ ᠤᠳᠤᠷᠢᠳᠬᠤ ᠳᠤᠭᠤᠶᠢᠯᠠᠩ ᠤᠨ ᠬᠢᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠦᠨᠡᠨᠴᠢ ᠢᠲᠡᠭᠡᠮᠵᠢᠲᠡᠢ ᠲᠥᠪ ᠭᠤᠣᠯᠴᠢ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠵᠤ᠂ ᠲᠥᠪ ᠭᠤᠣᠯᠴᠢ ᠪᠠᠷ ᠠᠵᠢᠯᠯᠠᠨ᠎ᠠ᠃    ᠬᠠᠷᠢᠯᠴᠠᠬᠤ ᠬᠥᠮᠥᠨ᠄ ᠣᠣ ᠯᠧᠢ    ᠬᠠᠷᠢᠯᠴᠠᠬᠤ ᠤᠲᠠᠰᠤ᠄ 0477 - 8575610               ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                     2023 ᠣᠨ ᠤ 9 ᠰᠠᠷ᠎ᠠ ᠶᠢᠨ 6 ᠤ ᠡᠳᠦᠷ  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ