ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 84 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/11
     1 ᠰᠠᠷ᠎ᠠ ᠶᠢᠨ 10 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 84 ᠤᠳᠠᠭᠠᠨ ᠤ ᠪᠠᠶᠢᠡᠭᠭᠤ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠳᠠᠪᠤᠷᠢᠳᠠᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠬᠦ ᠲᠠᠯ᠎ᠠ  ᠪᠠᠷ ᠠᠬᠢᠭᠤᠯᠤᠶ᠎ᠠ︾ ᠭᠡᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠤᠯᠤᠰ ᠲᠥᠷᠥ ᠶᠢᠨ ᠠᠮᠢ ᠠᠬᠤᠢ ᠶᠢ ᠣᠷᠳᠣ ᠬᠤᠭᠤᠴᠠᠭ᠎ᠠ ᠪᠠᠷ ᠴᠡᠪᠡᠷᠰᠢᠭᠦᠯᠦᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠠᠳᠤᠨ ᠭᠤᠤᠯ ᠤᠨ ︽ᠲᠤᠬᠤᠢ ᠶᠢᠨ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠠᠮᠢ ᠠᠬᠤᠢ ᠶᠢᠨ ᠬᠤᠳᠠ ᠶᠢ ᠬᠦᠴᠦᠯᠡᠨ ᠪᠦᠳᠦᠭᠡᠨ ᠪᠠᠶᠢᠭᠤᠯᠬᠤ ᠭᠡᠷᠡᠭᠳᠠᠢ ᠭᠡᠵᠡᠢ᠃     ᠬᠤᠷᠠᠯ ᠳᠡᠭᠡᠷ᠎ᠡ ᠳ᠋ᠦᠩᠱᠧᠩ ᠲᠣᠭᠤᠷᠢᠭ ᠤᠨ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠬᠠᠷᠢᠴᠠᠭᠤᠯᠵᠤ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ᠂ ᠨᠢᠭᠲᠠ ᠬᠠᠮᠵᠢᠯᠴᠠᠵᠤ᠂ ᠬᠤᠷᠠᠯ ᠤᠨ ᠶᠠᠪᠤᠳᠠᠯ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠠᠶᠢᠲᠤᠷ ᠬᠢᠵᠦ᠂ ᠬᠤᠷᠠᠯ ᠢ ᠲᠣᠭᠲᠠᠭᠰᠠᠨ ᠲᠡᠰ ᠳᠠᠷᠠᠭᠠᠯᠠᠯ ᠤᠨ ᠶᠣᠰᠣᠭᠠᠷ ᠤᠷᠤᠭᠰᠢᠲᠠᠢ ᠬᠤᠷᠠᠯᠳᠤᠭᠤᠯᠵᠤ᠂ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠤᠭᠰᠠᠨ ᠪᠥᠭᠡᠳ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠬᠢᠨᠠᠨ ᠵᠥᠪᠯᠡᠵᠦ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠶ ᠱᠠᠭᠠᠷᠳᠠᠯᠭ᠎ᠠ ᠳᠤ ᠴᠢᠭᠯᠡᠬᠦᠯᠬᠦ ᠶᠢ ᠴᠢᠬᠤᠯᠠᠴᠢᠯᠠᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠠᠶ ᠬᠠᠷᠠᠯᠲᠠ ᠲᠠᠢ ᠬᠠᠷᠭᠤᠭᠤᠯᠵᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠰᠡᠳᠬᠢᠯ ᠤᠨ ᠦᠭᠡ ᠪᠠᠨ ᠠᠭᠤᠳᠠᠯᠤᠨ ᠶᠠᠷᠢᠯᠴᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠰᠠᠶᠢᠲᠤᠷ ᠠᠳᠬᠤᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠶ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ