ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠨ ᠰᠤᠳᠤᠯᠵᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/1/11
     1 ᠰᠠᠷ᠎ᠠ ᠶᠢᠨ 10 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ 2024 ᠤᠨ ᠤ ᠠᠩᠬᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠳᠤ ᠭᠦᠮᠦᠵᠢᠯ ᠤᠨ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠶᠡᠷᠦᠩᠭᠡᠢ ᠱᠦᠵᠢ ᠰᠢ ᠶᠢᠨ ᠫᠢᠡᠭ ᠤᠨ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠪᠠ᠃     ᠭᠤᠤ ᠢ ᠳ᠋ᠦᠩ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠭᠦᠨᠵᠡᠭᠡᠢ ᠣᠶᠢᠯᠠᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠪᠦᠬᠦᠯᠢ ᠴᠣᠭᠴᠠ ᠪᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠰᠡᠳᠦᠪ ᠭᠤᠣᠯ ᠰᠢᠵᠢᠮ ᠢ ᠲᠤᠪᠤᠶᠢᠯᠭᠠᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠠᠷᠢᠭᠤᠨ ᠴᠡᠪᠡᠷ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠵᠣᠭᠰᠣᠯᠲᠠ ᠳᠤ ᠡᠷᠡᠰ ᠭᠤᠶᠢᠪᠢᠰᠢ ᠦᠭᠡᠢ ᠪᠠᠲᠤ ᠵᠣᠭᠰᠣᠵᠤ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠣᠯᠭᠠᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ︽ᠨᠠᠮ ᠤᠨ ᠪᠠᠶᠢᠭᠤᠯᠤᠯᠲᠠ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠦᠢᠯᠡᠴᠢᠯᠡᠬᠦ︾ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠦᠷᠭᠦᠯᠵᠢᠯᠡᠨ ᠪᠣᠳᠠᠲᠠᠢ ᠶᠠᠪᠤᠳᠠᠯ ᠬᠢᠵᠦ᠂ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠴᠢᠳᠠᠪᠤᠷᠢᠲᠠᠨ ᠢ ᠬᠥᠮᠦᠵᠢᠭᠦᠯᠤᠨ ᠴᠢᠳᠠᠪᠤᠷᠢᠲᠠᠨ ᠢ ᠣᠷᠣᠭᠤᠯᠤᠨ ᠬᠤᠷᠠᠮᠳᠤᠭᠤᠯᠬᠤ ᠠᠵᠢᠯ ᠢ ᠰᠠᠶᠢᠲᠤᠷ ᠬᠢᠵᠦ᠂ ᠮᠠᠨ ᠤ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠨᠡᠩ ᠤᠯᠠᠨ ᠴᠢᠳᠠᠪᠤᠷᠢᠲᠠᠨ ᠢ ᠬᠤᠷᠠᠮᠳᠤᠭᠤᠯᠬᠤ ᠬᠡᠷᠡᠭᠲᠡᠢ ᠭᠡᠪᠡ᠃     ᠭᠤᠤ ᠢ ᠳ᠋ᠦᠩ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠬᠠᠮᠳᠤᠳᠬᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠪᠠᠷ ᠬᠥᠭᠵᠢᠯᠲᠡ ᠶᠢ ᠠᠬᠢᠭᠤᠯᠵᠤ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ᠃ ᠴᠢᠨᠠᠷ ᠰᠠᠶᠢᠳᠠᠢ ᠴᠡᠭᠴᠡᠯᠡᠨ ᠵᠠᠰᠠᠯᠳᠠ ᠪᠠᠷ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠳᠤᠳᠠᠭᠳᠠᠯ ᠢᠶᠠᠨ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠯᠡᠵᠦ᠂ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠲᠠᠢ ᠲᠠᠰᠤᠷᠠᠯᠲᠠ ᠦᠭᠡᠢ ᠤᠶᠠᠯᠳᠤᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠭᠠᠷᠳᠠᠴᠠ ᠪᠣᠯᠭᠠᠵᠤ᠂ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠪᠦᠬᠦ ᠬᠦᠴᠦᠨ ᠢᠶᠠᠷ ᠢᠶᠠᠨ ᠠᠵᠤ ᠠᠬᠤᠶ ᠶᠢ ᠠᠳᠬᠤᠵᠤ᠂ ᠬᠥᠭᠵᠢᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠲᠡᠶ᠃ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠦᠴᠦ ᠪᠠᠨ ᠬᠠᠮᠲᠤᠳᠬᠠᠨ ᠪᠦᠳᠦᠭᠡᠨ ᠪᠠᠶᠢᠭᠤᠯᠵᠤ᠂ ᠰᠢᠨ᠎ᠡ ᠵᠢᠯ ᠤᠨ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ‌‍ᠶᠢ ᠰᠠᠶᠢᠲᠤᠷ ᠪᠡᠶᠡᠯᠡᠭᠦᠯᠬᠦ ᠳᠤ ᠰᠠᠶᠢᠨ ᠡᠬᠢᠯᠡᠯᠳᠡ ᠲᠠᠢ ᠪᠤᠯᠭᠠᠬᠤ ᠬᠡᠷᠡᠭᠳᠠᠢ ᠭᠡᠪᠡ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ