ᠬᠠᠨ ᠲᠤᠤ ᠳ᠋ᠦᠩᠱᠧᠩ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/1/11
     1 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠡᠭᠡᠯᠢ ᠭᠤᠳᠤᠮᠵᠢ ᠶᠢᠨ ᠴᠠᠭᠳᠠᠭᠠᠨ ᠤ ᠶᠠᠪᠤᠳᠠᠯ ᠤᠨ ᠦᠷᠳᠡᠭᠡ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠨ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤᠰᠠᠯᠠᠭᠴᠢ ᠴᠠᠭᠳᠠᠭ᠎ᠠ ᠶᠢ ᠲᠣᠬᠤᠨᠢᠭᠤᠯᠵᠤ᠂ ᠪᠦᠬᠦ ᠲᠣᠭᠤᠷᠢᠭ ᠤᠨ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤᠰᠠᠯᠠᠭᠴᠢ ᠴᠠᠭᠳᠠᠭ᠎ᠠ ᠵᠢᠴᠢ ᠳᠡᠳᠡᠨ ᠤ ᠭᠡᠷ ᠪᠦᠯᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠳᠤᠰᠠᠯᠠᠭᠴᠢ ᠴᠠᠭᠳᠠᠭ᠎ᠠ ᠶᠢᠨ ᠭᠡᠷ ᠪᠦᠯᠢ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃     ᠬᠠᠨ ᠲᠤᠤ ᠸᠠᠨ ᠳ᠋ᠠ ᠵᠡᠭᠡᠯᠢ ᠭᠤᠳᠤᠮᠵᠢ ᠶᠢᠨ ᠴᠠᠭᠳᠠᠭᠠᠨ ᠤ ᠶᠠᠪᠤᠳᠠᠯ ᠤᠨ ᠦᠷᠳᠡᠭᠡ ᠳᠤ ᠬᠦᠷᠴᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠵᠡᠭᠡᠯᠢ ᠭᠤᠳᠤᠮᠵᠢ ᠶᠢᠨ ᠴᠠᠭᠳᠠᠭᠠᠨ ᠤ ᠶᠠᠪᠤᠳᠠᠯ ᠤᠨ ᠦᠷᠳᠡᠭᠡ ᠪᠣᠯ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠴᠢᠬᠤᠯᠠ ᠠᠭᠤᠯᠭ᠎ᠠ ᠪᠣᠯᠤᠨ᠎ᠠ᠂ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠩᠨᠡᠵᠦ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠯᠳᠡ ᠶᠢᠨ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠴᠢᠩᠭᠠᠳᠬᠠᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃     ᠬᠠᠨ ᠲᠤᠤ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ᠂ ᠥᠭᠡᠯᠦᠨ ᠲᠣᠮᠢᠯᠠᠭᠰᠠᠨ ᠰᠠᠯᠪᠤᠷᠢ ᠳᠤ ᠬᠦᠷᠴᠤ᠂ ᠬᠠᠷᠢᠶ᠎ᠠ ᠣᠷᠣᠨ ᠤ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠯᠳᠡ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠣᠮᠢᠯᠠᠭᠰᠠᠨ ᠰᠠᠯᠪᠤᠷᠢ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠨ᠎ᠠ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠪᠠ ᠠᠮᠤᠷ ᠢ ᠬᠠᠮᠠᠭᠠᠯᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠨ᠂ ᠦᠢᠯᠡᠴᠢᠯᠡᠭᠡᠨ ᠤ ᠡᠭᠦᠷᠭᠡ ᠴᠢᠳᠠᠪᠬᠢ ᠶᠢ ᠲᠤᠪᠤᠶᠢᠯᠭᠠᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠦᠨᠡᠨᠬᠦ ᠪᠡᠶᠡᠯᠡᠬᠦᠯᠦᠨ᠂ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃     ᠪᠠᠶᠢᠴᠠᠭᠠᠨ ᠰᠤᠳᠤᠯᠤᠯᠲᠠ ᠳᠤ᠂ ᠬᠠᠨ ᠲᠤᠤ ᠳ᠋ᠦᠩᠱᠧᠩ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠢᠯᠠᠰ ᠴᠢᠭ ᠪᠠ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ 2023 ᠣᠨ ᠳᠤ᠂ ᠪᠦᠬᠦ ᠲᠤᠭᠤᠷᠢᠭ ᠤᠨ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ᠂ ᠨᠡᠶᠢᠭᠡᠮ ᠤᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡᠨ ᠵᠢᠯ ᠳᠤ᠂ ᠪᠥᠬᠦ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠠᠭᠳᠠᠭ᠎ᠠ ᠶᠢ ᠪᠠᠶᠢᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠭᠵᠢᠬᠦᠯᠬᠦ᠂ ᠴᠠᠭᠳᠠᠭ᠎ᠠ ᠶᠢ ᠴᠢᠩᠭ᠎ᠠ ᠵᠠᠰᠠᠬᠤ᠂ ᠴᠠᠭᠳᠠᠭ᠎ᠠ ᠳᠤ ᠬᠠᠷᠠᠭᠠᠯᠵᠠᠯ ᠦᠵᠡᠬᠦᠯᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ  ᠪᠠᠨ ᠴᠢᠩᠭᠠᠳᠬᠠᠨ᠂ ᠵᠥᠷᠢᠴᠡᠯ ᠵᠢᠭᠤᠷᠠᠯᠳᠤᠭᠠᠨ ᠢ ᠪᠥᠬᠦ ᠬᠦᠴᠦᠨ ᠢᠶᠠᠷ ᠰᠢᠢᠳᠪᠤᠷᠢᠯᠡᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠠᠬᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢ ᠬᠥᠭᠵᠢᠭᠦᠯᠦᠨ ᠰᠢᠨ᠎ᠡ ᠶᠢ ᠡᠭᠦᠳᠴᠦ᠂ ᠴᠠᠭᠳᠠᠭᠠᠨ ᠤ ᠶᠠᠪᠤᠳᠠᠯ ᠤᠨ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠳ᠋ᠦᠩᠱᠧᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠩ ᠠᠮᠤᠷ ᠲᠦᠪᠰᠢᠨ ᠣᠷᠴᠢᠨ ᠲᠣᠭᠤᠷᠢᠨ ᠪᠠ ᠨᠠᠩ ᠪᠠᠲᠤ ᠪᠠᠬᠢ ᠪᠠᠲᠤᠯᠠᠭ᠎ᠠ ᠶᠢ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠵᠠᠩ ᠪᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ