ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠬᠢᠯᠭᠠᠨ ᠮᠡᠳᠡᠭᠡ 1 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠠᠶᠢᠯᠴᠢᠯᠠᠯᠲᠠ ᠬᠢᠬᠦ ᠪᠠᠷ ᠢᠷᠡᠭᠰᠡᠨ ᠮᠠᠯᠳᠠᠶᠢᠹ ᠤᠨ | ᠶᠡᠷᠦᠩᠬᠡᠶᠢᠯᠡᠭᠴᠢ ᠮᠦᠶ᠋ᠢᠽᠢ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠮᠠᠯᠳᠠᠶᠢᠹ ᠤᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠮᠠᠯᠳᠠᠶᠢᠹ ᠪᠣᠯ ᠤᠯᠠᠮᠵᠢᠯᠠᠯᠲᠤ ᠨᠥᠬᠦᠷᠰᠡᠭ ᠬᠥᠷᠰᠢ ᠮᠥᠨ᠂ ᠬᠤᠶᠠᠷ ᠤᠯᠤᠰ ᠤᠨ ᠠᠷᠠᠳ ᠲᠦᠮᠡᠨ ᠡᠷᠲᠡᠨ ᠤ | ᠲᠡᠯᠡᠶ ᠳᠡᠭᠡᠷᠡᠬᠢ ᠲᠣᠷᠭᠠᠨ ᠵᠠᠮ ᠢᠶᠠᠷ ᠳᠡᠮᠵᠢᠨ ᠨᠥᠬᠦᠷᠰᠡᠭ ᠬᠠᠷᠢᠯᠴᠠᠭ᠎ᠠ ᠪᠠᠶᠢᠭᠤᠯᠪᠠ᠃ ᠳᠤᠮᠳᠠᠳᠤ ᠮᠠᠯᠳᠠᠶᠢᠹ ᠬᠠᠷᠢᠯᠴᠠᠭ᠎ᠠ ᠪᠠᠶᠢᠭᠤᠯᠤᠭᠰᠠᠨ 52 ᠵᠢᠯ ᠤᠨ | ᠲᠤᠷᠰᠢ᠂ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠡᠪ ᠳᠠᠭᠤᠷᠢᠶᠠᠯ ᠢ ᠪᠤᠢ ᠪᠣᠯᠭᠠᠪᠠ᠃ ᠣᠶᠢᠷ᠎ᠠ ᠶᠢᠨ ᠵᠢᠯ ᠠᠴᠠ | ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠭᠦᠨᠵᠡᠭᠡᠶᠢᠷᠡᠨ ᠬᠥᠭᠵᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠡᠯ᠎ᠡ | ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠰᠢᠨ᠎ᠡ ᠪᠠᠶᠢᠳᠠᠯ ᠤᠨ ᠳᠣᠣᠷ᠎ᠠ᠂ ᠳᠤᠮᠳᠠᠳᠤ ᠮᠠᠯᠳᠠᠶᠢᠹ ᠤᠨ ᠬᠠᠷᠢᠯᠴᠠᠭ᠎ᠠ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠲᠡᠦᠬᠡᠨ ᠠᠵᠠ ᠲᠣᠬᠢᠶᠠᠯ ᠲᠤᠯᠭᠠᠷᠠᠵᠤ | ᠪᠠᠶᠢᠨ᠎ᠠ᠃ ᠳᠤᠮᠳᠠᠳᠤ ᠮᠠᠯᠳᠠᠶᠢᠹ ᠤᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ | ᠳᠡᠭᠡᠭᠰᠢᠯᠡᠭᠦᠯᠬᠦ ᠨᠢ ᠳᠤᠮᠳᠠᠳᠤ ᠮᠠᠯᠳᠠᠶᠢᠹ ᠤᠨ ᠬᠠᠷᠢᠯᠴᠠᠭᠠᠨ ᠤ ᠬᠥᠭᠵᠢᠯᠲᠡ ᠶᠢᠨ ᠬᠡᠷᠡᠭᠴᠡᠭᠡ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠬᠦᠰᠡᠯ | ᠡᠷᠡᠮᠡᠯᠵᠡᠯ ᠳᠤ ᠨᠡᠶᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠮᠠᠯᠳᠠᠶᠢᠹ ᠤᠨ ᠬᠢᠨ ᠲᠠᠢ ᠬᠠᠮᠲᠤ ᠪᠠᠷ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ | ᠲᠠᠰᠤᠷᠠᠯᠲᠠ ᠦᠭᠡᠢ ᠥᠷᠭᠡᠳᠬᠡᠵᠦ᠂ ᠳᠤᠮᠳᠠᠳᠤ ᠮᠠᠯᠳᠠᠶᠢᠹ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠨ᠎ᠠ ᠭᠡᠵᠦ | ᠵᠢᠭᠠᠵᠤ ᠭᠠᠷᠭᠠᠪᠠ᠃ | | | | 1 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠠᠶᠢᠯᠴᠢᠯᠠᠯᠲᠠ ᠬᠢᠬᠦ ᠪᠠᠷ ᠢᠷᠡᠭᠰᠡᠨ ᠮᠠᠯᠳᠠᠶᠢᠹ ᠤᠨ ᠶᠡᠷᠦᠩᠬᠡᠶᠢᠯᠡᠭᠴᠢ ᠮᠦᠶ᠋ᠢᠽᠢ ᠲᠠᠢ ᠬᠡᠯᠡᠯᠴᠡᠭᠡ ᠬᠢᠪᠡ᠃ ᠵᠢᠷᠤᠭ ᠪᠣᠯ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ | ᠮᠦᠶ᠋ᠢᠽᠢ ᠪᠣᠯᠣᠨ ᠲᠡᠭᠦᠨ ᠤ ᠬᠠᠲᠤᠨ ᠰᠠᠵᠢᠳᠠ ᠶᠢ ᠤᠭᠲᠤᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠣᠯᠣᠨ ᠡᠷᠬᠢᠮ ᠨᠠᠨᠳᠢᠨ ᠲᠤᠷᠰᠢᠯᠭ᠎ᠠ ᠶᠢ | ᠭᠦᠨᠵᠡᠭᠡᠢ ᠲᠣᠳᠣᠷᠠᠭᠤᠯᠤᠨ ᠥᠭᠦᠯᠡᠪᠡ᠃ ᠰᠢ ᠶᠢᠨ ᠫᠢᠩ᠂ ᠳᠤᠮᠳᠠᠳᠤ ᠤᠯᠤᠰ ᠮᠠᠯᠳᠠᠶᠢᠹ ᠤᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠨ ᠰᠦᠪᠡᠭᠴᠢᠯᠡᠬᠦ ᠶᠢ ᠬᠦᠨᠳᠦᠳᠬᠡᠨ ᠳᠡᠮᠵᠢᠵᠦ᠂ ᠮᠠᠯᠳᠠᠶᠢᠹ ᠤᠨ ᠬᠢᠨ ᠤ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ᠂ ᠨᠤᠲᠤᠭ | ᠳᠡᠪᠢᠰᠬᠡᠷ ᠤᠨ ᠪᠦᠷᠢᠨ ᠪᠦᠲᠦᠨ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠳᠤᠷᠠᠲᠠᠶ᠎ᠠ ᠮᠠᠯᠳᠠᠶᠢᠹ ᠤᠨ ᠬᠢᠨ ᠲᠠᠢ ᠲᠦᠷᠦ ᠶᠢ | ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠣᠯᠢᠯᠴᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠳᠤᠮᠳᠠᠳᠤ ᠮᠠᠯᠳᠠᠶᠢᠹ ᠤᠨ ᠨᠥᠬᠦᠷᠯᠡᠯ ᠳᠤ ᠰᠢᠨ᠎ᠡ ᠬᠡᠪ ᠳᠠᠭᠤᠷᠢᠶᠠᠯ | ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ ᠶᠢᠨ ᠬᠦᠷᠢᠶᠡᠯᠡᠩ ᠲᠣᠭᠤᠷᠢᠭ᠂ ᠳᠠᠯᠠᠢ | ᠲᠠᠩᠭᠢᠰ ᠤᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠲᠤᠷᠠᠯᠴᠠᠭ᠎ᠠ ᠪᠠᠨ ᠥᠷᠭᠡᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠴᠢᠩᠭᠠᠳᠬᠠᠶ᠎ᠠ᠃ ᠳᠤᠮᠳᠠᠳᠤ ᠤᠯᠤᠰ ᠤᠨ ᠬᠢᠨ ᠮᠠᠯᠳᠠᠶᠢᠹ ᠤᠨ ᠨᠡᠩ ᠤᠯᠠᠨ ᠰᠢᠯᠢᠳᠡᠭ ᠰᠣᠷᠣᠭᠴᠢ ᠶᠢᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ | ᠳᠡᠮᠵᠢᠵᠦ᠂ ᠬᠤᠶᠠᠷ ᠤᠯᠤᠰ ᠤᠨ ᠬᠤᠭᠤᠷᠣᠨᠳᠤᠬᠢ ᠰᠢᠭᠤᠳ ᠬᠦᠷᠬᠦ ᠨᠢᠰᠬᠡᠯ ᠤᠨ ᠡᠭᠡᠯᠵᠢ ᠶᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠮᠠᠯᠳᠠᠶᠢᠹ ᠪᠣᠯ ᠴᠥᠮ ᠬᠥᠭᠵᠢᠵᠦ ᠪᠠᠶᠢᠭ᠎ᠠ ᠤᠯᠤᠰ ᠮᠥᠨ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ | ᠠᠳᠠᠯᠢᠪᠲᠤᠷ ᠦᠵᠡᠯᠲᠡ ᠪᠠ ᠵᠣᠭᠰᠣᠯᠲᠠ ᠲᠠᠢ ᠶᠤᠮ᠃ ᠬᠤᠶᠠᠷ ᠲᠠᠯ᠎ᠠ ᠪᠠᠷ ᠢᠶᠠᠨ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠵᠢᠩᠬᠢᠨᠢ | ᠤᠯᠠᠨ ᠲᠠᠯᠠᠲᠤ ᠦᠵᠡᠯ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠴᠢᠷᠮᠠᠶᠢᠨ ᠠᠬᠢᠭᠤᠯᠵᠤ᠂ ᠳᠡᠯᠡᠬᠡᠢ ᠳ᠋ᠠᠬᠢᠨ ᠢ ᠨᠡᠩ ᠡᠩᠬᠡ ᠲᠠᠶᠢᠪᠤᠩ᠂ ᠨᠡᠩ ᠠᠮᠤᠷ | ᠲᠦᠪᠰᠢᠨ᠂ ᠨᠡᠩ ᠬᠥᠭᠵᠢᠯ ᠴᠡᠴᠡᠭᠯᠡᠯ ᠲᠠᠢ ᠪᠣᠯᠭᠠᠶ᠎ᠠ᠃ ᠳᠤᠮᠳᠠᠳᠤ ᠤᠯᠤᠰ ᠳᠤᠷᠠᠲᠠᠶ᠎ᠠ ᠮᠠᠯᠳᠠᠶᠢᠹ ᠤᠨ ᠬᠢᠨ ᠲᠠᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ ᠠᠴᠠ | ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ︽ᠫᠠᠷᠢᠰ ᠤᠨ ᠬᠡᠯᠡᠯᠴᠡᠭᠡᠷ︾ ᠤᠨ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠦᠭᠳᠡᠬᠦ ᠶᠢ | ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠮᠦᠶ᠋ᠢᠽᠢ᠂ ᠪᠢ ᠰᠠᠶᠢᠳ ᠨᠠᠷ ᠤᠨ ᠵᠥᠪᠯᠡᠯ ᠤᠨ ᠢᠶᠠᠨ ᠣᠯᠠᠨ ᠡᠷᠬᠢᠮ ᠰᠠᠶᠢᠳ ᠢᠶᠠᠨ ᠳᠠᠭᠠᠭᠤᠯᠤᠨ ᠳᠤᠮᠳᠠᠳᠤ ᠤᠯᠤᠰ ᠲᠤ ᠠᠩᠬ᠎ᠠ ᠤᠳᠠᠭ᠎ᠠ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠨᠢ ᠶᠡᠬᠡᠳᠡ ᠠᠵᠠ ᠲᠠᠢ ᠰᠠᠨᠠᠭᠳᠠᠵᠤ᠂ ᠡᠨᠡ ᠵᠢᠯ ᠤᠨ ᠳᠤᠮᠳᠠᠳᠤ ᠤᠯᠤᠰ ᠤᠨ ᠬᠦᠯᠢᠶᠡᠨ ᠠᠪᠴᠤ ᠵᠣᠴᠢᠯᠠᠭᠰᠠᠨ | ᠠᠩᠬᠠᠳᠠᠭᠴᠢ ᠭᠠᠳᠠᠭᠠᠳᠤ ᠤᠯᠤᠰ ᠤᠨ ᠲᠡᠷᠢᠭᠦᠨ ᠪᠣᠯᠤᠭᠰᠠᠨ ᠨᠢ ᠮᠠᠨ ᠤ ᠬᠤᠶᠠᠷ ᠲᠠᠯ᠎ᠠ ᠪᠠᠷ ᠢᠶᠠᠨ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠮᠠᠯᠳᠠᠶᠢᠹ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠦᠨ᠎ᠡ᠃ ᠨᠦᠭᠦᠭᠡ ᠡᠲᠡᠭᠡᠳ ᠤᠨ ᠢᠶᠠᠨ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢ ᠡᠷᠡᠰ ᠳᠡᠮᠵᠢᠬᠦ ᠪᠣᠯ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠶᠢᠨ ᠦᠷᠭᠦᠯᠵᠢᠯᠡᠨ ᠰᠠᠶᠢᠨ | ᠬᠥᠭᠵᠢᠬᠦ ᠶᠢᠨ ᠪᠠᠲᠤ ᠪᠠᠬᠢ ᠰᠠᠭᠤᠷᠢ ᠪᠣᠯᠣᠨ᠎ᠠ᠃ ᠡᠨᠡ ᠵᠢᠯ ᠪᠣᠯ ᠲᠡᠷᠢᠭᠦᠯᠡᠭᠴᠢ ᠰᠢ ᠶᠢᠨ ᠫᠢᠩ ᠮᠠᠯᠳᠠᠶᠢᠹ ᠲᠤ ᠲᠡᠦᠬᠡᠲᠦ ᠴᠢᠨᠠᠷᠲᠠᠢ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠠᠷᠪᠠᠨ ᠵᠢᠯ ᠤᠨ ᠤᠢ ᠪᠣᠯᠣᠨ᠎ᠠ᠃ ᠳᠤᠮᠳᠠᠳᠤ ᠤᠯᠤᠰ ᠮᠠᠯᠳᠠᠶᠢᠹ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠶᠡᠭᠡ ᠬᠡᠮᠵᠢᠶᠡᠨ ᠤ | ᠡᠷᠬᠢᠮ ᠨᠠᠨᠳᠢᠨ ᠬᠠᠪᠰᠤᠷᠤᠯᠭ᠎ᠠ ᠬᠠᠩᠭᠠᠵᠤ᠂ ᠮᠠᠯᠳᠠᠶᠢᠹ ᠳᠤᠮᠳᠠᠳᠤ ᠶᠢᠨ ᠬᠠᠮᠲᠤᠷᠠᠯᠴᠠᠭ᠎ᠠ ᠢᠯᠠᠩᠭᠤᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠨᠢ ᠮᠠᠯᠳᠠᠶᠢᠹ ᠤᠨ ᠠᠷᠠᠳ ᠲᠦᠮᠡᠨ ᠳᠤ ᠮᠠᠰᠢ ᠤᠯᠠᠨ ᠠᠰᠢᠭ ᠬᠦᠷᠲᠡᠭᠡᠵᠦ᠂ ᠮᠠᠯᠳᠠᠶᠢᠹ ᠳᠤᠮᠳᠠᠳᠤ ᠶᠢᠨ ᠨᠥᠬᠦᠷᠯᠡᠯ ᠤᠨ ᠶᠡᠭᠡ ᠬᠥᠭᠦᠷᠭᠡ ᠨᠢᠭᠡᠨᠲᠡ | ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠪᠡᠯᠭᠡ ᠲᠡᠮᠳᠡᠭ ᠪᠣᠯᠵᠠᠢ᠃ ᠪᠢ ᠲᠣᠰ ᠤᠳᠠᠭ᠎ᠠ ᠹᠦᠵᠢᠶᠠᠨ ᠳᠤ ᠠᠶᠢᠯᠴᠢᠯᠠᠯᠲᠠ ᠬᠢᠬᠦ | ᠬᠤᠭᠤᠴᠠᠭᠠᠨ ᠳᠠᠭᠠᠨ᠂ ᠳᠤᠮᠳᠠᠳᠤ ᠤᠯᠤᠰ ᠤᠨ ᠬᠥᠭᠵᠢᠯᠲᠡ ᠶᠢᠨ ᠣᠯᠣᠭᠰᠠᠨ ᠯᠤᠲᠤ ᠶᠡᠭᠡ ᠠᠮᠵᠢᠯᠲᠠ ᠶᠢ ᠨᠢᠳᠦ ᠪᠠᠷ ᠢᠶᠠᠨ ᠦᠵᠡᠵᠦ᠂ ᠲᠡᠷᠢᠭᠦᠯᠡᠭᠴᠢ ᠰᠢ ᠶᠢᠨ | ᠫᠢᠩ ᠤᠨ ᠭᠠᠷᠮᠠᠭᠠᠢ ᠤᠳᠤᠷᠢᠳᠬᠤ ᠬᠦᠴᠦᠨ ᠢ ᠪᠡᠶ᠎ᠡ ᠪᠠᠷ ᠢᠶᠠᠨ ᠮᠡᠳᠡᠷᠡᠪᠡ᠃ ᠮᠠᠯᠳᠠᠶᠢᠹ ᠤᠨ ᠬᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ | ᠴᠢᠨᠠᠭᠰᠢᠳᠠ ᠥᠷᠭᠡᠳᠬᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠠᠭᠤᠯᠤᠭᠳᠠᠬᠤᠨ ᠢ ᠨᠡᠮᠡᠭᠳᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠨᠡᠩ ᠤᠯᠠᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠬᠢᠨ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠠᠬᠢᠭᠤᠯᠬᠤ ᠶᠢᠨ ᠲᠥᠯᠥᠭᠡ ᠢᠳᠡᠪᠬᠢᠲᠡᠢ ᠠᠷᠭ᠎ᠠ ᠬᠡᠮᠵᠢᠶ᠎ᠡ ᠠᠪᠬᠤ ᠶᠢ ᠪᠠᠶᠠᠷᠯᠠᠨ ᠤᠭᠲᠤᠵᠤ᠂ ᠨᠡᠩ ᠤᠯᠠᠨ ᠳᠤᠮᠳᠠᠳᠤ ᠶᠢᠨ | ᠵᠢᠭᠤᠯᠴᠢᠯᠠᠭᠰᠠᠳ ᠤᠨ ᠮᠠᠯᠳᠠᠶᠢᠹ ᠲᠤ ᠬᠦᠷᠴᠦ ᠵᠢᠭᠤᠯᠴᠢᠯᠠᠬᠤ ᠶᠢ ᠬᠦᠰᠡᠵᠦ ᠪᠠᠶᠢᠨ᠎ᠠ᠃ ᠮᠠᠯᠳᠠᠶᠢᠹ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ | ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ | ᠨᠢᠭᠲᠠᠷᠠᠭᠤᠯᠵᠤ᠂ ᠬᠠᠷᠢᠯᠴᠠᠨ ᠳᠡᠮᠵᠢᠬᠦ ᠪᠠᠨ ᠴᠢᠩᠭᠠᠳᠬᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠳᠤᠮᠳᠠᠳᠤ ᠮᠠᠯᠳᠠᠶᠢᠹ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠠᠵᠢᠯᠯᠠᠭ᠎ᠠ ᠶᠢᠨ ᠲᠥᠯᠥᠪᠯᠡᠭᠡ ᠵᠢᠴᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ᠂ ᠭᠠᠮᠰᠢᠭ ᠤᠨ ᠬᠠᠮᠢᠶᠠᠷᠤᠯᠲᠠ᠂ ᠠᠵᠤ ᠠᠬᠤᠢ ᠮᠡᠷᠭᠡᠵᠢᠯ᠂ ᠬᠥᠬᠡ ᠥᠩᠭᠡᠲᠦ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ | ᠬᠥᠭᠵᠢᠯᠲᠡ᠂ ᠰᠠᠭᠤᠷᠢ ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ | ᠲᠢᠩᠬᠢᠮ ᠳᠤ ᠮᠦᠶ᠋ᠢᠽᠢ ᠪᠣᠯᠣᠨ ᠬᠠᠳᠤᠨ ᠰᠠᠵᠢᠳᠠ ᠶᠢ ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠮᠠᠯᠳᠠᠶᠢᠹ ᠬᠤᠶᠠᠷ ᠤᠯᠤᠰ ᠤᠨ | ᠰᠦᠯᠳᠡ ᠳᠠᠭᠤᠤ ᠶᠢ ᠬᠥᠭᠵᠢᠮᠳᠡᠪᠡ᠃ ᠮᠦᠶ᠋ᠢᠽᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠲᠢᠩᠬᠢᠮ ᠳᠤ ᠮᠦᠶ᠋ᠢᠽᠢ ᠪᠣᠯᠣᠨ ᠲᠡᠭᠦᠨ ᠤ | ᠬᠠᠲᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ᠮᠦᠶ᠋ᠢᠽᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠣᠯᠣᠨ ᠪᠦᠭᠦᠳᠡ ᠨᠠᠶᠢᠷᠠᠮᠳᠠᠬᠤ ᠮᠠᠯᠳᠠᠶᠢᠹ ᠤᠯᠤᠰ ᠤᠨ ᠬᠠᠮᠲᠤᠷᠠᠭᠰᠠᠨ ᠰᠣᠨᠢᠨ ᠮᠡᠳᠡᠭᠡᠨ ᠤ ᠠᠯᠪᠠᠨ ᠮᠡᠳᠡᠭᠡ︾ ᠶᠢ ᠨᠡᠶᠢᠲᠡᠯᠡᠬᠦ ᠪᠣᠯᠣᠨ᠎ᠠ᠃ |