ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/1/12
    ︵2024 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ︶    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 2024 ᠣᠨ ᠤ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 132 ᠬᠥᠮᠥᠨ ᠣᠷᠣᠯᠴᠠᠵᠤ᠂ 238 ᠬᠥᠮᠥᠨ ᠰᠤᠯᠠ ᠣᠷᠣᠯᠴᠠᠪᠠ᠃    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠪᠠ᠃    ᠪᠦᠭᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ᠃ ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ᠂ 2024 ᠣᠨ ᠤ ᠡᠭᠦᠷᠭᠡ ᠶᠢ ᠪᠠᠶᠢᠷᠢᠯᠠᠭᠤᠯᠵᠤ᠂ ᠯᠢ ᠰᠢ ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃    ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠪᠠ᠃ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ ᠲᠠᠯᠪᠢᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶᠢᠵᠤ᠂ ᠮᠠᠨ ᠤ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠳᠡᠭᠡᠳᠦ ᠬᠡᠮᠵᠢᠶᠡᠨ ᠤ ᠤᠬᠠᠮᠰᠠᠷ ᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠣᠨ ᠴᠢᠬᠤᠯᠠ ᠤᠨᠤᠯ ᠤᠨ ᠦᠷ᠎ᠡ ᠪᠦᠲᠦᠭᠡᠯ ᠢ ᠨᠢᠭᠲᠠᠷᠠᠭᠤᠯᠵᠤ᠂ ᠪᠦᠭᠦ ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠰᠢᠨ᠎ᠡ ᠠᠶᠠᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠣᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠲᠠᠢ ᠦᠨᠡᠨ ᠬᠦ ᠨᠢᠭᠡᠳᠬᠡᠵᠦ᠂ ᠰᠢᠨ᠎ᠡ ᠠᠶᠠᠨ ᠳᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃    ᠪᠦᠭᠦᠳᠡ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠮᠥᠨ ᠴᠤ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠲᠤ ᠦᠶ᠎ᠡ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠡᠷᠡᠮᠵᠢᠲᠦ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠤᠷᠤᠭᠰᠢᠯᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠤᠳᠤᠷᠢᠳᠬᠤ ᠪᠠᠭ᠂ ᠰᠢᠨ᠎ᠡ ᠳᠦᠷᠢ ᠲᠥᠷᠬᠦ᠂ ᠰᠢᠨ᠎ᠡ ᠪᠠᠶᠢᠳᠠᠯ᠂ ᠰᠢᠨ᠎ᠡ ᠠᠮᠵᠢᠯᠲᠠ ᠪᠦᠲᠦᠮᠵᠢ︾  ᠶᠢᠨ ᠲᠤᠬᠠᠢ ᠬᠦᠰᠡᠯ ᠡᠷᠡᠮᠡᠯᠵᠡᠯ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠪᠠᠷ ᠭᠤᠣᠯ ᠰᠢᠵᠢᠮ ᠪᠤᠯᠭᠠᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾  ᠶᠢ ᠡᠷᠡᠰ ᠪᠡᠶᠡᠯᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠤ᠂ ᠲᠣᠮᠣ ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠪᠠᠷ ᠬᠠᠷᠠᠯᠲᠠ ᠴᠢᠭᠯᠡᠯ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠠ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠭᠤᠣᠯᠳᠠᠯᠭ᠎ᠠ ᠪᠤᠯᠭᠠᠵᠤ᠂ ᠭᠦᠨᠵᠡᠭᠡᠢ ᠰᠤᠷᠤᠯᠴᠠᠬᠤ᠂ ᠪᠣᠳᠠᠲᠤ ᠪᠠᠶᠢᠴᠠᠭᠠᠨ ᠰᠤᠳᠤᠯᠤᠯᠲᠠ ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠬᠢᠴᠢᠶᠡᠯ ᠪᠤᠯᠭᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠲᠠᠪᠤᠨ ᠵᠢᠯ ᠢ ᠪᠣᠳᠣᠯᠬᠢᠯᠠᠨ ᠪᠠᠶᠢᠷᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠪᠡ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠲᠠᠯᠪᠢᠨ ᠰᠡᠳᠬᠢᠯᠭᠡ ᠲᠠᠢ ᠪᠠᠷ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠶᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠨ᠎ᠡ ᠠᠶᠠᠨ ᠳᠤ ᠰᠠᠶᠢᠨ ᠡᠭᠢᠯᠡᠯᠲᠡ ᠲᠠᠢ ᠰᠠᠶᠢᠲᠤᠷ ᠡᠬᠢᠯᠡᠭᠦᠯᠬᠦ ᠶᠢ ᠪᠠᠲᠤᠯᠠᠪᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠪᠡᠶ᠎ᠡ ᠶᠢᠨ ᠲᠠᠮᠢᠷ᠂ ᠨᠠᠪᠴᠢᠨ ᠲᠠᠮᠠᠬᠢ᠂ ᠡᠮ ᠡᠮᠨᠡᠯᠭᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠤᠭ᠎ᠠ ᠪᠦᠷᠢᠳᠬᠡᠯ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠢᠯᠵᠠᠷᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠭᠢᠯᠪᠠᠷ ᠪᠤᠰᠤ ᠪᠠᠷ ᠣᠯᠣᠭᠰᠠᠨ ᠳᠡᠶᠢᠯᠦᠩᠭᠦᠢ ᠴᠢᠨᠠᠷᠲᠠᠢ ᠢᠯᠠᠯᠲᠠ ᠶᠢ ᠪᠦᠭᠦ ᠲᠠᠯ᠎ᠠ ᠪᠠᠷ ᠪᠠᠬᠢᠵᠢᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠵᠠᠯᠠᠷᠠᠭᠤᠯᠬᠤ ᠱᠤᠭᠤᠬᠤ ᠶᠢ ᠵᠡᠷᠭᠡ ᠪᠠᠷ ᠴᠢᠬᠤᠯᠠᠴᠢᠯᠠᠵᠤ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠪᠦᠲᠦᠮᠵᠢᠲᠡᠢ ᠪᠠᠶᠢᠬᠤ ᠶᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠠᠬᠢᠭᠤᠯᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠬᠡᠪᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠴᠢᠨᠠᠷ ᠰᠠᠶᠢᠲᠠᠢ ᠪᠡᠶᠡᠯᠡᠭᠦᠯᠪᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠮ ᠤᠨ ᠲᠥᠪ ᠬᠤᠷᠢᠶ᠎ᠠ ᠶᠢ ᠬᠠᠮᠵᠢᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠳᠤ ᠵᠠᠰᠠᠪᠤᠷᠢ ᠣᠷᠣᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠰᠢᠢᠳᠪᠦᠷᠢᠯᠡᠪᠡ ᠭᠡᠵᠦ ᠵᠢᠭᠠᠵᠤ ᠭᠠᠷᠭᠠᠪᠠ᠃    ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠦᠭᠦ ᠨᠠᠮ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠢᠶᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠪᠦᠲᠦᠭᠡᠯᠴᠢ ᠴᠢᠨᠠᠷᠲᠠᠢ ᠪᠠᠷ ᠠᠩᠬᠠᠨ ᠤ ᠡᠭᠦᠳᠦᠯᠲᠡ ᠶᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠵᠠᠭᠤᠨ ᠵᠢᠯ ᠤᠨ ᠲᠡᠦᠬᠡ ᠲᠠᠢ ᠲᠣᠮᠣ ᠨᠠᠮ ᠢ ᠵᠢᠯᠣᠭᠤᠳᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠨᠡ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠤᠭᠠᠳ ᠣᠯᠣᠭᠰᠠᠨ ᠰᠢᠨ᠎ᠡ ᠦᠷ᠎ᠡ ᠪᠦᠲᠦᠭᠡᠯ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠬᠠᠭᠤᠳᠠᠰᠤ ᠮᠥᠨ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ ᠪᠠᠶᠢᠨ᠎ᠠ᠃ ᠡᠨᠡ ᠬᠦ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ ︽ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠪᠦᠭᠦ ᠨᠠᠮ ᠤᠨ ᠤᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ ᠡᠭᠦᠷᠭᠡ ᠶᠢ ᠲᠣᠳᠣᠷᠬᠠᠢ ᠵᠢᠭᠠᠪᠠ︔ ᠮᠠᠨ ᠤ ᠨᠠᠮ ᠤᠨ ︽ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠢ ᠬᠢᠵᠦ ᠴᠢᠳᠠᠬᠤ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠪᠦᠭᠦ ᠨᠠᠮ ᠢᠶᠠᠷ ᠢᠶᠠᠨ ︽ᠬᠤᠶᠠᠳᠤᠭᠠᠷ ᠬᠠᠷᠢᠭᠤᠯᠲᠠ︾ ᠶᠢ ᠰᠠᠶᠢᠲᠤᠷ ᠬᠡᠷᠡᠭᠯᠡᠬᠦ᠂ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠢᠲᠡᠭᠡᠯ ᠵᠣᠷᠢᠭ ᠢ ᠪᠠᠲᠤᠳᠬᠠᠪᠠ︔ ᠮᠠᠨ ᠤ ᠨᠠᠮ ᠤᠨ ︽ᠥᠪᠡᠷ ᠪᠡᠶ᠎ᠡ ᠶᠢᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠨᠠᠮ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ ᠵᠠᠮᠨᠠᠬᠤ ᠭᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠨ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠶᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠭᠤᠣᠯ ᠴᠢᠮᠦᠭᠡ ᠪᠠ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠤᠬᠠᠮᠰᠠᠷ ᠠᠴᠠ ᠪᠠᠨ ᠲᠤᠭᠤᠰᠢᠯᠠᠭᠤᠯᠵᠤ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠢᠶᠠᠷ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠪᠦᠭᠦᠳᠡ ᠬᠤᠷᠠᠯ ᠠᠴᠠ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠨᠢᠭᠡᠳᠦᠭᠡᠷ ᠲᠤ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠲᠣᠪᠤᠶᠢᠯᠭᠠᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ ᠪᠤᠯᠭᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ᠂ ᠬᠠᠮᠲᠤ ᠶᠢᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ ᠴᠢᠩᠭ᠎ᠠ ᠬᠡᠷᠡᠭᠵᠢᠭᠦᠯᠵᠦ᠂ ᠭᠦᠨᠵᠡᠭᠡᠶᠢᠷᠡᠭᠦᠯᠬᠦ᠂ ᠬᠠᠳᠠᠩᠰᠢᠭᠤᠯᠬᠤ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠳᠤᠮᠳᠠ ᠠᠴᠠ ᠣᠶᠢᠯᠠᠭᠠᠭᠳᠠᠬᠤᠨ ᠢ ᠡᠷᠢᠵᠦ᠂ ᠰᠡᠳᠬᠢᠮᠵᠢ ᠶᠢ ᠡᠷᠢᠵᠦ᠂ ᠠᠷᠭ᠎ᠠ ᠡᠷᠢᠵᠦ᠂ ᠠᠷᠭ᠎ᠠ ᠠᠪᠴᠠᠯ ᠢ ᠡᠷᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃    ᠬᠤᠶᠠᠳᠤᠭᠠᠷ ᠲᠤ᠂ ︽ᠬᠤᠶᠠᠷ ᠢ ᠬᠠᠮᠠᠭᠠᠯᠠᠬᠤ︾ ᠶᠢ ᠲᠣᠪᠤᠶᠢᠯᠭᠠᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠦᠨᠡᠨᠴᠢ ᠰᠢᠳᠤᠷᠭᠤ᠂ ᠤᠯᠤᠰ ᠲᠥᠷᠥ ᠶᠢᠨ ᠠᠮᠤᠷ ᠲᠦᠪᠰᠢᠨ᠂ ᠤᠯᠤᠰ ᠲᠥᠷᠥ ᠶᠢᠨ ᠬᠠᠷᠢᠭᠤᠴᠠᠯᠭ᠎ᠠ᠂ ᠤᠯᠤᠰ ᠲᠥᠷᠥ ᠶᠢᠨ ᠵᠣᠭᠰᠣᠯᠲᠠ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠷᠢᠶ᠎ᠡ ᠶᠢ ᠡᠷᠡᠰ ᠵᠠᠯᠠᠷᠠᠭᠤᠯᠵᠤ᠂ ᠤᠯᠤᠰ ᠲᠥᠷᠥ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠡᠷᠭᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠭᠦ ᠨᠠᠮ ᠤᠨ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ ᠱᠠᠯᠠᠪᠳᠠᠭᠤᠯᠬᠤ ᠬᠡᠷᠡᠭᠲᠡᠢ᠃    ᠭᠤᠷᠪᠠᠳᠤᠭᠠᠷ ᠲᠤ᠂ ᠬᠥᠷᠥᠰᠥ ᠰᠢᠷᠣᠢ ᠨᠥᠬᠦᠴᠡᠯ ᠢ ᠠᠷᠢᠯᠭᠠᠬᠤ ᠶᠢ ᠲᠣᠪᠤᠶᠢᠯᠭᠠᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠨᠳᠥᠷ ᠳᠠᠷᠤᠯᠲᠠᠲᠤ ᠪᠠᠶᠢᠳᠠᠯ ᠢ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠡᠲᠡᠭᠡᠳ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠨᠠᠪᠴᠢᠨ ᠲᠠᠮᠠᠬᠢ᠂ ᠡᠮ ᠡᠮᠨᠡᠯᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠢ ᠡᠷᠡᠰ ᠵᠠᠯᠬᠠᠭᠠᠨ ᠰᠢᠢᠳᠬᠡᠵᠦ᠂ ᠬᠢᠯᠢ ᠠᠯᠤᠰᠯᠠᠭᠰᠠᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠵᠥᠪ ᠪᠤᠷᠤᠭᠤ ᠬᠤᠶᠠᠷ ᠲᠠᠯ᠎ᠠ ᠶᠢᠨ ᠬᠥᠮᠦᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠨᠢ ᠢᠷᠠᠭᠤ ᠠᠯᠳᠠᠷ ᠲᠠᠢ ᠱᠠᠮᠰᠢᠬᠤ ᠨᠢ ᠢᠴᠢᠭᠦᠷᠢ ᠲᠠᠢ ᠪᠠᠶᠢᠬᠤ ᠨᠡᠶᠢᠭᠡᠮ ᠤᠨ ᠠᠭᠤᠷ ᠠᠮᠢᠰᠬᠤᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠬᠡᠷᠡᠭ ᠢ ᠬᠠᠮᠲᠤ ᠳᠤᠨᠢ ᠪᠠᠶᠢᠴᠠᠭᠠᠬᠤ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠪᠠᠭᠠᠵᠢ ᠶᠢᠨ ᠬᠠᠶᠢᠷᠴᠠᠭ ᠢ ᠴᠢᠩᠭᠠᠳᠬᠠᠨ ᠲᠡᠭᠦᠯᠳᠡᠷᠵᠢᠭᠦᠯᠵᠦ᠂ ᠬᠢᠨᠠᠨ ᠪᠤᠳᠤᠬᠤ ᠵᠡᠷᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃    ᠳᠥᠷᠪᠡᠳᠦᠭᠡᠷ ᠲᠤ᠂ ᠪᠠᠶᠢᠩᠭᠤᠵᠢᠭᠰᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠲᠣᠪᠤᠶᠢᠯᠭᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠤᠰᠬᠠᠢ ᠴᠡᠭᠴᠡᠯᠡᠨ ᠵᠠᠰᠠᠵᠤ᠂ ︽ᠠᠯᠪᠠᠨ ᠶᠠᠪᠤᠳᠠᠯ ᠤᠨ ᠨᠡᠷ᠎ᠡ ᠪᠠᠷ ᠢᠳᠡᠬᠦ︾᠂ ︽ᠬᠤᠭᠤᠯᠠᠨ ᠭᠡᠷ ᠤᠨ ᠬᠢ ᠶᠢ ᠢᠳᠡᠬᠦ︾᠂ ︽ᠬᠤᠭᠤᠯᠠᠨ ᠭᠡᠷ ᠤᠨ ᠡᠵᠡᠨ ᠤ ᠬᠢ ᠶᠢ ᠢᠳᠡᠬᠦ︾᠂ ︽ᠳᠣᠣᠷ᠎ᠠ ᠱᠠᠲᠤ ᠶᠢᠨ ᠬᠢ ᠪᠠᠨ ᠢᠳᠡᠬᠦ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠲᠡᠢ᠃ ᠰᠤᠷᠲᠠᠯ ᠤᠨ ᠢᠯᠵᠠᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠰᠤᠷᠲᠠᠯ ᠤᠨ ᠢᠯᠵᠠᠷᠠᠯ ᠢ ᠪᠠᠶᠢᠴᠠᠭᠠᠬᠤ︾ ᠪᠥᠭᠡᠳ ︽ᠢᠯᠵᠠᠷᠠᠯ ᠢ ᠢᠯᠡᠷᠡᠭᠦᠯᠬᠦ ᠪᠠᠷ ᠲᠠᠮᠵᠢᠨ ᠰᠤᠷᠲᠠᠯ ᠢ ᠵᠠᠯᠠᠷᠠᠭᠤᠯᠬᠤ︾ ᠬᠡᠷᠡᠭᠲᠡᠢ᠃ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ᠂ ᠤᠳᠤᠷᠢᠳᠬᠤ ᠺᠠᠳ᠋ᠷ ᠠᠴᠠ ᠡᠬᠢᠯᠡᠨ ᠵᠠᠯᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ᠂ ᠡᠷᠬᠡ ᠶᠢᠨ ᠦᠵᠡᠯᠲᠡ ᠭᠠᠵᠢᠭᠤᠳᠠᠭᠰᠠᠨ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠲᠥᠪ ᠪᠤᠰᠤ ᠵᠡᠷᠭᠡ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠢ᠃    ᠲᠠᠪᠤᠳᠤᠭᠠᠷ ᠲᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠭᠢᠶᠠᠯ ᠪᠣᠯᠭᠠᠨ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠦᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠠᠩᠬᠠᠷᠤᠯ ᠳᠠᠭᠠᠨ ᠠᠪᠬᠤ ᠦᠭᠡᠢ᠂ ᠣᠶᠢᠯᠠᠭᠠᠬᠤ ᠦᠭᠡᠢ ᠪᠠᠶᠢᠬᠤ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠳᠥᠷᠪᠡᠨ ᠵᠦᠢᠯ ᠤᠨ ᠭᠡᠯᠪᠡᠷᠢ︾ ᠢ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠬᠡᠮᠵᠢᠶ᠎ᠡ ᠶᠢᠨ ᠰᠢᠨᠵᠢ ᠴᠢᠨᠠᠷ ᠢ ᠤᠨᠤᠪᠴᠢᠳᠠᠢ ᠲᠣᠭᠲᠠᠭᠠᠵᠤ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠲᠡᠢ᠃ ᠬᠠᠷᠢᠭᠤᠴᠠᠯᠭ᠎ᠠ ᠲᠤᠯᠭᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃    ᠵᠢᠷᠭᠤᠳᠤᠭᠠᠷ ᠲᠤ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ᠂ ᠬᠤᠯᠪᠤᠭᠠᠯᠠᠨ ᠲᠣᠭᠤᠷᠢᠨ ᠪᠠᠶᠢᠴᠠᠭᠠᠬᠤ ᠶᠢ ᠭᠦᠨᠵᠡᠭᠡᠢ ᠰᠦᠪᠡᠭᠴᠢᠯᠡᠵᠦ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ ᠲᠣᠭᠤᠷᠢᠨ ᠪᠠᠶᠢᠴᠠᠭᠠᠬᠤ ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠨᠢᠭᠡᠴᠢ ᠶᠢᠨ ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠬᠡᠰᠡᠭ ᠬᠤᠪᠢᠶᠠᠨ᠂ ᠠᠵᠢᠯ ᠲᠦᠷᠦᠯ ᠬᠤᠪᠢᠶᠠᠨ ᠵᠢᠯᠤᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠲᠠ ᠰᠢᠶᠠᠨ ᠤ ᠲᠣᠭᠤᠷᠢᠨ ᠪᠠᠶᠢᠴᠠᠭᠠᠯᠲᠠ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ ᠵᠡᠷᠭᠡ ᠳᠤ ᠵᠠᠰᠠᠪᠤᠷᠢ ᠣᠷᠣᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠭᠦ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠬᠠᠷᠢᠭᠤᠴᠠᠯᠭ᠎ᠠ ᠶᠢᠨ ᠰᠢᠰᠲ᠋ᠧᠮ ᠪᠠ ᠳᠦᠷᠢᠮ ᠤᠨ ᠶᠠᠪᠤᠴᠠ ᠶᠢ ᠪᠠᠶᠢᠭᠤᠯᠬᠤ ᠬᠡᠷᠡᠭᠲᠡᠢ᠃    ᠳᠣᠯᠣᠳᠤᠭᠠᠷ ᠲᠤ᠂ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠶᠢ ᠲᠣᠪᠤᠶᠢᠯᠭᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ ᠬᠦᠴᠦᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠠᠮᠲᠤᠷᠠᠨ ᠬᠢᠨᠠᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ ᠰᠠᠨᠠᠯ ᠢ ᠲᠣᠭᠲᠠᠭᠠᠵᠤ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ ᠵᠢᠯᠣᠭᠤᠳᠤᠨ ᠮᠤᠵᠢ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠰᠢᠭᠤᠳ ᠬᠠᠮᠢᠶᠠᠷᠬᠤ ᠰᠢᠰᠲ᠋ᠧᠮ ᠤᠨ ᠮᠤᠵᠢ ᠶᠢᠨ ᠱᠠᠲᠤᠨ ᠠᠴᠠ ᠳᠣᠷᠣᠭᠰᠢᠬᠢ ᠨᠢᠭᠡᠴᠢ ᠳᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠬᠡᠷᠡᠭᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠬᠡᠷᠡᠭᠲᠡᠢ᠃ ︽ᠳᠤᠭᠤᠶᠢᠯᠠᠩ ᠳᠤᠭᠤᠶᠢᠯᠠᠩ ᠤᠨ ᠬᠤᠭᠤᠷᠣᠨᠳᠤ︾ ᠪᠠᠨ ᠬᠠᠮᠵᠢᠯᠴᠠᠨ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠤᠨ ᠬᠤᠭᠤᠷᠣᠨᠳᠤ︾ ᠪᠠᠨ ᠬᠤᠯᠪᠤᠭᠠᠯᠠᠨ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠭᠠᠵᠠᠷ ᠣᠷᠣᠨ ᠤ ᠬᠤᠭᠤᠷᠣᠨᠳᠤ︾ ᠪᠠᠨ ᠬᠤᠯᠪᠤᠭᠠᠯᠠᠨ ᠬᠡᠷᠡᠭ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ︽ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠠᠵᠢᠯ ᠤᠨ ᠵᠢᠷᠤᠮ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠵᠡᠷᠭᠡ ᠳᠤ ᠵᠠᠰᠠᠪᠤᠷᠢ ᠣᠷᠣᠭᠤᠯᠬᠤ ᠳᠤ ᠬᠠᠮᠵᠢᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠤᠯᠭᠠᠬᠰᠠᠨ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠢ᠃ ᠲᠣᠭᠠᠴᠢᠯᠠᠭᠰᠠᠨ ᠮᠡᠷᠭᠡᠵᠢᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠠᠵᠢᠯ ᠤᠨ ᠲᠠᠪᠴᠠᠩ ᠢ ᠪᠠᠶᠢᠭᠤᠯᠬᠤ ᠬᠡᠷᠡᠭᠲᠡᠢ᠃    ᠨᠠᠢᠮᠠᠳᠤᠭᠠᠷ ᠲᠤ᠂ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠲᠣᠪᠤᠶᠢᠯᠭᠠᠨ ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠦᠷᠦᠭᠦᠯᠡᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠰᠢᠰᠲ᠋ᠧᠮ ᠤᠨ ᠥᠪᠡᠷ ᠤᠨ ᠪᠡᠶ᠎ᠡ ᠶᠢᠨ ᠬᠤᠪᠢᠰᠬᠠᠯ ᠤᠨ ᠥᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠶᠢ ᠳᠠᠶᠢᠴᠢᠯᠠᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠰᠤᠷᠲᠠᠯ ᠤᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠶᠢ ᠦᠢᠯᠡᠳᠦᠯᠭᠡᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠠᠷᠢᠭᠤᠨ ᠴᠢᠬᠡᠴᠢ ᠶᠢᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠺᠠᠳ᠋ᠷ ᠤᠨ ᠡᠩᠨᠡᠭᠡ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠠᠶᠢᠩᠭᠤ ᠪᠠᠶᠢᠴᠠᠭᠠᠨ ᠦᠵᠡᠵᠦ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ ᠪᠦᠭᠦᠳᠡ ᠶᠢ ᠲᠦᠢᠳᠦᠭᠴᠢ ᠶᠢ ᠠᠷᠢᠯᠭᠠᠵᠤ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ᠃ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠺᠠᠳ᠋ᠷ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠨᠠᠷᠢᠯᠢᠭ ᠪᠣᠳᠠᠲᠠᠢ ᠬᠢᠵᠦ᠂ ᠬᠢᠨᠠᠨ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ᠂ ᠺᠠᠳ᠋ᠷ ᠤᠨ ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃    ᠪᠦᠭᠦᠳᠠ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠡᠭᠦᠷᠢᠳᠡ ᠴᠥᠬᠦᠷᠡᠰᠢ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ︕
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠰᠦᠯᠵᠢᠶ᠎ᠠ