ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃     ᠬᠤᠷᠠᠯ ᠳᠡᠬᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 1 ᠰᠠᠷ᠎ᠠ ᠶᠢᠨ 4 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ︽ᠭᠤᠤᠯ ᠰᠡᠳᠦᠪᠲᠦ ᠬᠥᠮᠦᠵᠢᠯ ᠤᠨ ᠳᠤᠮᠳᠠ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠶᠢ ᠠᠬᠢᠭᠤᠯᠬᠤ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠪᠢᠳᠡᠨ ᠤ ᠰᠢᠨ᠎ᠡ ᠠᠶᠠᠨ ᠵᠠᠮ ᠳᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠡᠭᠦᠷᠢᠳᠡ ᠵᠣᠭᠰᠣᠰᠢ ᠦᠭᠡᠢ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠨᠡᠩ ᠶᠡᠭᠡ ᠦᠷ᠎ᠡ ᠪᠦᠲᠦᠭᠡᠯ ᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠱᠤᠭᠤᠮ ᠪᠣᠯᠭᠠᠵᠤ᠂ ᠰᠡᠳᠬᠢᠯ ᠰᠠᠨᠠᠭ᠎ᠠ ᠬᠦᠴᠦᠨ ᠢᠶᠠᠨ ᠳᠦᠪᠯᠡᠷᠡᠬᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠤ᠂ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳ᠋ᠦᠩᠱᠧᠩ ᠤᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠲᠤᠭᠳᠠᠯᠴᠠᠭ᠎ᠠ᠂ ᠭᠤᠣᠯ ᠠᠭᠤᠯᠭ᠎ᠠ ᠶᠢ ᠭᠦᠨᠵᠡᠭᠡᠢ ᠡᠵᠡᠮᠰᠢᠨ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠵᠥᠪ ᠣᠨᠣᠪᠴᠢᠲᠠᠢ ᠠᠵᠢᠯ ᠤᠨ ᠪᠦᠳᠦᠮᠵᠢ ᠶᠢᠨ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠵᠡᠷᠭᠡ ᠨᠠᠮ ᠤᠨ ᠰᠢᠨ᠎ᠡ ᠶᠢ ᠡᠭᠦᠳᠬᠦ ᠤᠨᠤᠯ ᠢ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠢᠯᠡᠳᠦᠯᠭᠡ ᠳᠤ ᠭᠦᠢᠴᠡᠳ ᠬᠡᠷᠡᠭᠯᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠤᠶᠢᠯᠡᠳᠦᠯᠬᠡᠵᠢᠬᠦᠯᠦᠨ᠂ ᠤᠬᠠᠮᠰᠠᠷ ᠠᠴᠠ ᠪᠠᠨ ᠨᠠᠮᠴᠢ ᠴᠢᠨᠠᠷ ᠤᠨ ᠵᠠᠷᠴᠢᠮ ᠢ ᠪᠠᠷᠢᠮᠳᠠᠯᠠᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠨ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠵᠢᠯ ᠤᠨ ᠡᠬᠢᠯᠡᠯᠲᠡ ᠶᠢ ᠢᠮᠠᠭᠲᠠ ᠤᠯᠠᠨ ᠲᠦᠮᠡᠨ ᠤ ᠬᠡᠷᠡᠭᠴᠡᠭᠡ ᠶᠢ ᠬᠠᠩᠭᠠᠬᠤ᠂ ᠤᠯᠠᠨ ᠲᠦᠮᠡᠨ ᠤ ᠪᠠᠴᠢᠮ ᠬᠦᠴᠢᠷᠳᠡᠯ ᠢ ᠰᠢᠢᠳᠪᠦᠷᠢᠯᠡᠬᠦ ᠳᠡᠭᠡᠷ᠎ᠡ ᠲᠠᠯᠪᠢᠵᠤ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ